2002 ᠣᠨ ᠤ 5 ᠳ᠋ᠤᠭᠠᠷ ᠰᠠᠷ᠎ᠠ ᠶᠢᠨ 03 ᠍ ᠤ ᠡᠳᠦᠷ ᠤᠯᠠᠭᠠᠨᠪᠠᠭᠠᠲᠤᠷ ᠬᠣᠲᠠ
ᠪᠣᠯᠪᠠᠰᠤᠷᠠᠯ ᠤᠨ ᠲᠤᠬᠠᠢ
1 ᠳᠦᠭᠡᠷ ᠵᠦᠢᠯ᠃ ᠬᠠᠤᠯᠢ ᠶᠢᠨ ᠵᠣᠷᠢᠯᠲᠠ
1.1.ᠡᠨᠡ ᠬᠠᠤᠯᠢ ᠶᠢᠨ ᠵᠣᠷᠢᠯᠲᠠ ᠨᠢ ᠪᠣᠯᠪᠠᠰᠤᠷᠠᠯ ᠤᠨ ᠦᠨᠳᠦᠰᠦᠨ ᠵᠠᠷᠴᠢᠮ᠂ ᠲᠣᠭᠲᠠᠯᠴᠠᠭ᠎ᠠ᠂ ᠠᠭᠤᠯᠭ᠎ᠠ᠂ ᠤᠳᠤᠷᠢᠳᠤᠯᠭ᠎ᠠ᠂ ᠵᠣᠬᠢᠶᠠᠨ ᠪᠠᠶᠢᠭᠤᠯᠤᠯᠲᠠ᠂ ᠪᠣᠯᠪᠠᠰᠤᠷᠠᠯ ᠤᠨ ᠬᠠᠷᠢᠯᠴᠠᠭᠠᠨ ᠳᠤ ᠣᠷᠣᠯᠴᠠᠭᠴᠢᠳ ᠤᠨ ᠡᠷᠬᠡ᠂ ᠡᠭᠦᠷᠭᠡ᠂ ᠬᠦᠯᠢᠶᠡᠬᠦ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠢᠷᠭᠡᠨ ᠦ ᠰᠤᠷᠴᠤ ᠪᠣᠯᠪᠠᠰᠤᠷᠠᠬᠤ ᠡᠷᠬᠡ ᠶᠢ ᠬᠠᠩᠭᠠᠬᠤ ᠲᠠᠢ ᠬᠣᠯᠪᠣᠭᠳᠠᠭᠰᠠᠨ ᠨᠡᠶᠢᠲᠡᠯᠢᠭ ᠬᠠᠷᠢᠯᠴᠠᠭ᠎ᠠ ᠶᠢ ᠵᠣᠬᠢᠴᠠᠭᠤᠯᠬᠤ ᠳᠤ ᠣᠷᠣᠰᠢᠨ᠎ᠠ᠃
ᠬᠡᠪᠯᠡᠬᠦ
2 ᠳ᠋ᠤᠭᠠᠷ ᠵᠦᠢᠯ᠃ ᠪᠣᠯᠪᠠᠰᠤᠷᠠᠯ ᠤᠨ ᠲᠤᠬᠠᠢ ᠬᠠᠤᠯᠢ ᠲᠣᠭᠲᠠᠭᠠᠮᠵᠢ
2.1᠃ ᠪᠣᠯᠪᠠᠰᠤᠷᠠᠯ ᠤᠨ ᠲᠤᠬᠠᠢ ᠬᠠᠤᠯᠢ ᠲᠣᠭᠲᠠᠭᠠᠮᠵᠢ ᠨᠢ ᠮᠣᠩᠭᠣᠯ ᠤᠯᠤᠰ ᠤᠨ ᠦᠨᠳᠦᠰᠦᠨ ᠬᠠᠤᠯᠢ᠂ ᠡᠨᠡ ᠬᠠᠤᠯᠢ᠂ ᠰᠤᠷᠭᠠᠭᠤᠯᠢ ᠶᠢᠨ ᠡᠮᠦᠨᠡᠬᠢ ᠪᠣᠯᠪᠠᠰᠤᠷᠠᠯ ᠤᠨ ᠲᠤᠬᠠᠢ᠂ ᠪᠠᠭ᠎ᠠ᠂ ᠳᠤᠮᠳᠠ ᠪᠣᠯᠪᠠᠰᠤᠷᠠᠯ ᠤᠨ ᠲᠤᠬᠠᠢ᠂ ᠳᠡᠭᠡᠳᠦ ᠪᠣᠯᠪᠠᠰᠤᠷᠠᠯ ᠤᠨ ᠲᠤᠬᠠᠢ᠂ ᠮᠡᠷᠭᠡᠵᠢᠯ ᠦᠨ ᠪᠣᠯᠪᠠᠰᠤᠷᠠᠯ᠂ ᠰᠤᠷᠭᠠᠯᠲᠠ ᠶᠢᠨ ᠲᠤᠬᠠᠢ ᠬᠠᠤᠯᠢ ᠪᠣᠯᠤᠨ ᠲᠡᠳᠡᠭᠡᠷ ᠲᠡᠢ ᠨᠡᠶᠢᠴᠡᠭᠦᠯᠦᠨ ᠭᠠᠷᠭᠠᠭᠰᠠᠨ ᠬᠠᠤᠯᠢ ᠲᠣᠭᠲᠠᠭᠠᠮᠵᠢ ᠶᠢᠨ ᠪᠤᠰᠤᠳ ᠠᠺᠲ ᠠᠴᠠ ᠪᠥᠷᠢᠳᠦᠨ᠎ᠡ᠃
/ᠡᠨᠡ ᠬᠡᠰᠡᠭ ᠲᠦ 2008 ᠣᠨ ᠤ 5 ᠳ᠋ᠤᠭᠠᠷ ᠰᠠᠷ᠎ᠠ ᠶᠢᠨ 23 ᠍ ᠤ ᠡᠳᠦᠷ ᠦᠨ ᠬᠠᠤᠯᠢ ᠪᠠᠷ ᠨᠡᠮᠡᠯᠲᠡ ᠣᠷᠣᠭᠤᠯᠤᠭᠰᠠᠨ/
2.2᠃ ᠮᠣᠩᠭᠣᠯ ᠤᠯᠤᠰ ᠤᠨ ᠣᠯᠠᠨ ᠤᠯᠤᠰ ᠤᠨ ᠭᠡᠷᠢᠶᠡᠨ ᠳᠦ ᠡᠨᠡ ᠬᠠᠤᠯᠢ ᠳᠤ ᠵᠢᠭᠠᠭᠰᠠᠨ ᠠᠴᠠ ᠥᠭᠡᠷ᠎ᠡ ᠪᠡᠷ ᠵᠢᠭᠠᠭᠰᠠᠨ ᠪᠣᠯ ᠣᠯᠠᠨ ᠤᠯᠤᠰ ᠤᠨ ᠭᠡᠷ᠎ᠡ ᠶᠢᠨ ᠵᠢᠭᠠᠯᠲᠠ ᠶᠢ ᠳᠠᠭᠠᠵᠤ ᠮᠥᠷᠳᠡᠨ᠎ᠡ᠃
ᠬᠡᠪᠯᠡᠬᠦ
3 ᠳ᠋ᠤᠭᠠᠷ ᠵᠦᠢᠯ᠃ ᠬᠠᠤᠯᠢ ᠶᠢᠨ ᠨᠡᠷ᠎ᠡ ᠲᠣᠮᠢᠶ᠎ᠠ
3.1.ᠡᠨᠡ ᠬᠠᠤᠯᠢ ᠳᠤ ᠬᠡᠷᠡᠭᠯᠡᠭᠰᠡᠨ ᠳᠠᠷᠠᠭᠠᠬᠢ ᠨᠡᠷ᠎ᠡ ᠲᠣᠮᠢᠶ᠎ᠠ ᠶᠢ ᠳᠣᠣᠷ᠎ᠠ ᠳᠤᠷᠠᠳᠤᠭᠰᠠᠨ ᠤᠳᠬ᠎ᠠ ᠪᠠᠷ ᠣᠶᠢᠯᠠᠭᠠᠨ᠎ᠠ᠄
3.1.1.》ᠪᠦᠬᠦ ᠨᠡᠶᠢᠲᠡ ᠶᠢᠨ ᠶᠡᠷᠦᠩᠬᠡᠢ ᠪᠣᠯᠪᠠᠰᠤᠷᠠᠯ》 ᠭᠡᠵᠦ 12 ᠵᠢᠯ ᠦᠨ ᠰᠤᠷᠭᠠᠯᠲᠠ ᠶᠢᠨ ᠠᠭᠤᠯᠭ᠎ᠠ ᠶᠢᠨ ᠲᠦᠪᠰᠢᠨ ᠢ;
/ᠡᠨᠡ ᠵᠢᠭᠠᠯᠲᠠ ᠳᠤ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
3.1.2.》ᠰᠠᠭᠤᠷᠢ ᠪᠣᠯᠪᠠᠰᠤᠷᠠᠯ》 ᠭᠡᠵᠦ 9 ᠵᠢᠯ ᠦᠨ ᠰᠤᠷᠭᠠᠯᠲᠠ ᠶᠢᠨ ᠠᠭᠤᠯᠭ᠎ᠠ ᠶᠢᠨ ᠲᠦᠪᠰᠢᠨ ᠢ;
3.1.3.》ᠪᠣᠯᠪᠠᠰᠤᠷᠠᠯ ᠤᠨ ᠠᠭᠤᠯᠭ᠎ᠠ》 ᠭᠡᠵᠦ ᠪᠣᠯᠪᠠᠰᠤᠷᠠᠯ ᠤᠨ ᠲᠤᠬᠠᠢ ᠶᠢᠨ ᠲᠦᠪᠰᠢᠨ ᠳᠦ ᠡᠵᠡᠮᠰᠢᠪᠡᠯ ᠵᠣᠬᠢᠬᠤ ᠮᠡᠳᠡᠯᠭᠡ᠂ ᠴᠢᠳᠠᠪᠤᠷᠢ᠂ ᠳᠠᠳᠤᠯ᠂ ᠲᠥᠯᠦᠪᠰᠢᠯ ᠦᠨ ᠴᠣᠭᠴᠠ ᠶᠢ;
3.1.4.》ᠪᠣᠯᠪᠠᠰᠤᠷᠠᠯ ᠤᠨ ᠲᠦᠪᠰᠢᠨ》 ᠭᠡᠵᠦ ᠲᠤᠬᠠᠢ ᠶᠢᠨ ᠱᠠᠲᠤᠨ ᠳᠤ ᠡᠵᠡᠮᠰᠢᠪᠡᠯ ᠵᠣᠬᠢᠬᠤ ᠰᠤᠷᠭᠠᠭᠤᠯᠢ ᠶᠢᠨ ᠡᠮᠦᠨᠡᠬᠢ᠂ ᠪᠠᠭ᠎ᠠ᠂ ᠳᠤᠮᠳᠠ᠂ ᠳᠡᠭᠡᠳᠦ ᠪᠣᠯᠪᠠᠰᠤᠷᠠᠯ ᠤᠨ ᠠᠭᠤᠯᠭ᠎ᠠ ᠶᠢᠨ ᠰᠲ᠋ᠠᠨᠳᠠᠷᠲ ᠢᠶᠠᠷ ᠲᠣᠭᠲᠠᠭᠠᠭᠰᠠᠨ ᠮᠡᠳᠡᠯᠭᠡ ᠶᠢᠨ ᠬᠡᠮᠵᠢᠶ᠎ᠡ ᠶᠢ;
3.1.5.》ᠰᠤᠷᠭᠠᠯᠲᠠ ᠶᠢᠨ ᠪᠠᠶᠢᠭᠤᠯᠤᠯᠭ᠎ᠠ》 ᠭᠡᠵᠦ ᠪᠣᠯᠪᠠᠰᠤᠷᠠᠯ ᠤᠨ ᠨᠢᠭᠡ ᠪᠤᠶᠤ ᠬᠡᠳᠦ ᠬᠡᠳᠦᠨ ᠲᠦᠪᠰᠢᠨ ᠦ ᠪᠣᠯᠪᠠᠰᠤᠷᠠᠯ ᠤᠨ ᠠᠭᠤᠯᠭ᠎ᠠ ᠶᠢ ᠬᠡᠷᠡᠭᠵᠢᠭᠦᠯᠳᠡᠭ ᠬᠠᠤᠯᠢ ᠶᠢᠨ ᠡᠲᠡᠭᠡᠳ ᠢ;
3.1.6.》ᠠᠯᠪᠠᠨ ᠪᠣᠯᠪᠠᠰᠤᠷᠠᠯ》 ᠭᠡᠵᠦ ᠪᠣᠯᠪᠠᠰᠤᠷᠠᠯ ᠤᠨ ᠠᠯᠪᠠᠨ ᠶᠣᠰᠣᠨ ᠤ ᠪᠠᠶᠢᠭᠤᠯᠤᠯᠭ᠎ᠠ ᠪᠠᠷ ᠳᠠᠮᠵᠢᠭᠤᠯᠵᠤ᠂ ᠰᠤᠷᠤᠯᠴᠠᠭᠴᠢ ᠶᠢᠨ ᠶᠡᠷᠦᠩᠬᠡᠢ ᠪᠣᠯᠤᠨ ᠮᠡᠷᠭᠡᠵᠢᠯ ᠦᠨ ᠵᠣᠬᠢᠬᠤ ᠲᠦᠪᠰᠢᠨ ᠦ ᠪᠣᠯᠪᠠᠰᠤᠷᠠᠯ ᠡᠵᠡᠮᠰᠢᠬᠦ ᠬᠡᠷᠡᠭᠴᠡᠭᠡ ᠶᠢ ᠬᠠᠩᠭᠠᠳᠠᠭ ᠪᠣᠯᠪᠠᠰᠤᠷᠠᠯ ᠤᠨ ᠵᠣᠬᠢᠶᠠᠨ ᠪᠠᠶᠢᠭᠤᠯᠤᠭᠳᠠᠭᠰᠠᠨ ᠦᠢᠯᠡ ᠠᠵᠢᠯᠯᠠᠭ᠎ᠠ ᠶᠢ;
3.1.7.》ᠠᠯᠪᠠᠨ ᠪᠤᠰᠤ ᠪᠣᠯᠪᠠᠰᠤᠷᠠᠯ》 ᠭᠡᠵᠦ ᠪᠣᠯᠪᠠᠰᠤᠷᠠᠯ ᠤᠨ ᠠᠯᠪᠠᠨ ᠶᠣᠰᠣᠨ ᠤ ᠲᠣᠭᠲᠠᠯᠴᠠᠭᠠᠨ ᠠᠴᠠ ᠭᠠᠳᠠᠭᠤᠷ ᠢᠷᠭᠡᠨ ᠳᠦ ᠪᠣᠯᠪᠠᠰᠤᠷᠠᠯ ᠤᠨ ᠦᠢᠯᠡᠴᠢᠯᠡᠭᠡ ᠦᠵᠡᠭᠦᠯᠬᠦ ᠵᠣᠬᠢᠶᠠᠨ ᠪᠠᠶᠢᠭᠤᠯᠤᠯᠲᠠ ᠲᠠᠢ ᠦᠢᠯᠡ ᠠᠵᠢᠯᠯᠠᠭ᠎ᠠ ᠶᠢ;
3.1.8. 《ᠪᠠᠭᠴᠠ ᠴᠠᠭ》 ᠭᠡᠵᠦ ᠳᠡᠭᠡᠳᠦ ᠪᠣᠯᠤᠨ ᠮᠡᠷᠭᠡᠵᠢᠯ ᠦᠨ ᠪᠣᠯᠪᠠᠰᠤᠷᠠᠯ ᠤᠨ ᠠᠭᠤᠯᠭ᠎ᠠ ᠶᠢᠨ ᠪᠠᠭᠲᠠᠭᠠᠮᠵᠢ ᠶᠢ ᠬᠡᠮᠵᠢᠬᠦ ᠨᠢᠭᠡᠴᠡ ᠶᠢ᠃
3.1.9.《ᠬᠥᠭᠵᠢᠯ ᠦᠨ ᠪᠡᠷᠬᠡᠰᠢᠶᠡᠯ ᠲᠡᠢ ᠰᠤᠷᠤᠯᠴᠠᠭᠴᠢ》 ᠭᠡᠵᠦ ᠬᠥᠭᠵᠢᠯ ᠦᠨ ᠪᠡᠷᠬᠡᠰᠢᠶᠡᠯ ᠲᠡᠢ ᠬᠦᠮᠦᠨ ᠦ ᠡᠷᠬᠡ ᠶᠢᠨ ᠲᠤᠬᠠᠢ ᠬᠠᠤᠯᠢ ᠶᠢᠨ 3 ᠳ᠋ᠤᠭᠠᠷ ᠵᠦᠢᠯ ᠦᠨ 3.1 ᠍ ᠳᠦ ᠵᠢᠭᠠᠭᠰᠠᠨ ᠢᠷᠭᠡᠨ ᠢ;
/ᠡᠨᠡ ᠵᠢᠭᠠᠯᠲᠠ ᠶᠢ 2013 ᠣᠨ ᠤ 2 ᠳ᠋ᠤᠭᠠᠷ ᠰᠠᠷ᠎ᠠ ᠶᠢᠨ 07 ᠍ ᠤ ᠡᠳᠦᠷ ᠦᠨ ᠬᠠᠤᠯᠢ ᠪᠠᠷ ᠥᠭᠡᠷᠡᠴᠢᠯᠡᠨ ᠨᠠᠶᠢᠷᠠᠭᠤᠯᠤᠭᠰᠠᠨ/
/ᠡᠨᠡ ᠵᠢᠭᠠᠯᠲᠠ ᠳᠤ 2016 ᠣᠨ ᠤ 2 ᠳ᠋ᠤᠭᠠᠷ ᠰᠠᠷ᠎ᠠ ᠶᠢᠨ 05 ᠍ ᠤ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
3.1.10.》ᠰᠤᠷᠭᠠᠯᠲᠠ ᠶᠢᠨ ᠣᠷᠴᠢᠨ》 ᠭᠡᠵᠦ ᠪᠣᠯᠪᠠᠰᠤᠷᠠᠯ ᠤᠨ ᠰᠲ᠋ᠠᠨᠳᠠᠷᠲ ᠢ ᠬᠡᠷᠡᠭᠵᠢᠭᠦᠯᠬᠦ ᠳᠦ ᠱᠠᠭᠠᠷᠳᠠᠭᠳᠠᠬᠤ ᠮᠠᠲ᠋ᠧᠷᠢᠶᠠᠯᠯᠢᠭ ᠨᠥᠬᠥᠴᠡᠯ ᠪᠣᠯᠤᠨ ᠰᠤᠷᠬᠤ᠂ ᠰᠤᠷᠭᠠᠬᠤ ᠬᠠᠷᠢᠯᠴᠠᠭ᠎ᠠ ᠶᠢ;
/ᠡᠨᠡ ᠵᠢᠭᠠᠯᠲᠠ ᠶᠢ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠨᠡᠮᠡᠭᠰᠡᠨ/
3.1.11.《ᠲᠥᠯᠦᠪᠰᠢᠯ》 ᠭᠡᠵᠦ ᠰᠤᠷᠤᠯᠴᠠᠭᠴᠢ ᠶᠢᠨ ᠬᠦᠮᠦᠵᠢᠯ᠂ ᠢᠲᠡᠭᠡᠯ ᠦᠨᠡᠮᠰᠢᠯ ᠦᠨ ᠴᠣᠭᠴᠠ ᠶᠢ;
/ᠡᠨᠡ ᠵᠢᠭᠠᠯᠲᠠ ᠶᠢ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠨᠡᠮᠡᠭᠰᠡᠨ/
3.1.12.《ᠰᠤᠷᠭᠠᠭᠤᠯᠢ ᠶᠢᠨ ᠨᠡᠶᠢᠭᠡᠮ ᠤᠨ ᠠᠵᠢᠯᠲᠠᠨ》 ᠭᠡᠵᠦ ᠰᠤᠷᠤᠯᠴᠠᠭᠴᠢ᠂ ᠡᠴᠢᠭᠡ ᠡᠬᠡ ᠪᠣᠯᠤᠨ ᠪᠠᠭᠰᠢ ᠶᠢᠨ ᠬᠠᠷᠢᠯᠴᠠᠭ᠎ᠠ᠂ ᠲᠡᠳᠡᠨ ᠦ ᠨᠡᠶᠢᠭᠡᠮ ᠤᠨ ᠠᠰᠠᠭᠤᠳᠠᠯ ᠢᠶᠠᠷ ᠦᠨᠡᠯᠡᠭᠡ ᠬᠢᠬᠦ᠂ ᠭᠠᠭᠴᠠᠭᠠᠷᠴᠢᠯᠠᠭᠰᠠᠨ ᠪᠣᠯᠤᠨ ᠪᠦᠯᠦᠭ ᠲᠦ ᠴᠢᠭᠯᠡᠭᠰᠡᠨ ᠮᠡᠷᠭᠡᠵᠢᠯ ᠦᠨ ᠵᠥᠪᠯᠡᠭᠡ ᠥᠭᠬᠦ ᠵᠠᠮ ᠢᠶᠠᠷ ᠨᠡᠶᠢᠭᠡᠮ ᠤᠨ ᠰᠥᠷᠭᠦ ᠦᠵᠡᠭᠳᠡᠯ ᠡᠴᠡ ᠬᠡᠦᠬᠡᠳ ᠢ ᠤᠷᠢᠳᠴᠢᠯᠠᠨ ᠰᠡᠷᠭᠡᠶᠢᠯᠡᠬᠦ᠂ ᠲᠡᠳᠡᠨ ᠦ ᠲᠥᠯᠦᠪᠰᠢᠯ᠂ ᠬᠠᠮᠲᠤ ᠶᠢᠨ ᠠᠵᠢᠯᠯᠠᠭᠠᠨ ᠳᠤ ᠳᠡᠮᠵᠢᠯᠭᠡ ᠦᠵᠡᠭᠦᠯᠳᠡᠭ ᠮᠡᠷᠭᠡᠵᠢᠯᠲᠡᠨ ᠢ᠃
/ᠡᠨᠡ ᠵᠢᠭᠠᠯᠲᠠ ᠶᠢ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠨᠡᠮᠡᠭᠰᠡᠨ/
/ᠡᠨᠡ ᠵᠢᠭᠠᠯᠲᠠ ᠳᠤ 2012 ᠣᠨ ᠤ 5 ᠳ᠋ᠤᠭᠠᠷ ᠰᠠᠷ᠎ᠠ ᠶᠢᠨ 09 ᠍ ᠦ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
3.1.13.《ᠣᠯᠠᠨ ᠤᠯᠤᠰ ᠤᠨ ᠬᠥᠲᠥᠯᠪᠦᠷᠢ ᠶᠢᠨ ᠰᠤᠷᠭᠠᠯᠲᠠ ᠲᠠᠢ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ》 ᠭᠡᠵᠦ ᠣᠯᠠᠨ ᠤᠯᠤᠰ ᠲᠤ ᠨᠡᠶᠢᠲᠡᠯᠢᠭ ᠬᠦᠯᠢᠶᠡᠨ ᠵᠥᠪᠰᠢᠶᠡᠷᠡᠭᠳᠡᠭᠰᠡᠨ ᠶᠡᠷᠦᠩᠬᠡᠢ ᠪᠣᠯᠪᠠᠰᠤᠷᠠᠯ ᠤᠨ ᠬᠥᠲᠥᠯᠪᠦᠷᠢ ᠪᠡᠷ ᠬᠢᠴᠢᠶᠡᠯᠯᠡᠳᠡᠭ ᠰᠤᠷᠭᠠᠭᠤᠯᠢ ᠶᠢ;
/ᠡᠨᠡ ᠵᠢᠭᠠᠯᠲᠠ ᠶᠢ 2012 ᠣᠨ ᠤ 5 ᠳ᠋ᠤᠭᠠᠷ ᠰᠠᠷ᠎ᠠ ᠶᠢᠨ 09 ᠍ ᠦ ᠡᠳᠦᠷ ᠦᠨ ᠬᠠᠤᠯᠢ ᠪᠠᠷ ᠨᠡᠮᠡᠭᠰᠡᠨ/
3.1.14.《ᠶᠡᠷᠦᠩᠬᠡᠢ ᠪᠣᠯᠪᠠᠰᠤᠷᠠᠯ ᠤᠨ ᠯᠠᠪᠤᠷᠠᠲ᠋ᠣᠷᠢ ᠰᠤᠷᠭᠠᠭᠤᠯᠢ》 ᠭᠡᠵᠦ ᠪᠠᠭ᠎ᠠ᠂ ᠳᠤᠮᠳᠠ ᠪᠣᠯᠪᠠᠰᠤᠷᠠᠯ ᠤᠨ ᠰᠤᠳᠤᠯᠭ᠎ᠠ᠂ ᠠᠷᠭ᠎ᠠ ᠵᠦᠢ ᠶᠢᠨ ᠲᠤᠷᠰᠢᠯᠲᠠ ᠶᠢ ᠵᠣᠬᠢᠶᠠᠨ ᠪᠠᠶᠢᠭᠤᠯᠬᠤ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠶᠢ;
/ᠡᠨᠡ ᠵᠢᠭᠠᠯᠲᠠ ᠶᠢ 2012 ᠣᠨ ᠤ 5 ᠳ᠋ᠤᠭᠠᠷ ᠰᠠᠷ᠎ᠠ ᠶᠢᠨ 09 ᠍ ᠦ ᠡᠳᠦᠷ ᠦᠨ ᠬᠠᠤᠯᠢ ᠪᠠᠷ ᠨᠡᠮᠡᠭᠰᠡᠨ/
3.1.15.《ᠪᠣᠯᠪᠠᠰᠤᠷᠠᠯ ᠤᠨ ᠲᠤᠰᠯᠠᠬᠤ ᠠᠵᠢᠯᠲᠠᠨ》 ᠭᠡᠵᠦ ᠪᠦᠬᠦ ᠱᠠᠲᠤᠨ ᠤ ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠶᠢᠨ ᠨᠢᠭᠲᠠᠯᠠᠨ ᠪᠣᠳᠣᠭᠴᠢ᠂ ᠨᠢᠷᠪᠠ᠂ ᠲᠣᠭᠣᠭᠠᠴᠢ᠂ ᠮᠠᠨᠠᠭᠠᠴᠢ᠂ ᠦᠢᠯᠡᠴᠢᠯᠡᠭᠴᠢ᠂ ᠮᠤᠵᠢᠶᠠᠩ᠂ ᠴᠠᠬᠢᠯᠭᠠᠨᠴᠢᠨ᠂ ᠰᠯᠧᠰᠠᠷᠢ᠂ ᠭᠠᠯᠴᠢ ᠪᠣᠯᠤᠨ ᠦᠢᠯᠡᠴᠢᠯᠡᠭᠡᠨ ᠦ ᠪᠤᠰᠤᠳ ᠠᠵᠢᠯᠲᠠᠨ ᠢ᠃
/ᠡᠨᠡ ᠵᠢᠭᠠᠯᠲᠠ ᠶᠢ 2012 ᠣᠨ ᠤ 5 ᠳ᠋ᠤᠭᠠᠷ ᠰᠠᠷ᠎ᠠ ᠶᠢᠨ 09 ᠍ ᠦ ᠡᠳᠦᠷ ᠦᠨ ᠬᠠᠤᠯᠢ ᠪᠠᠷ ᠨᠡᠮᠡᠭᠰᠡᠨ/
3.1.16.《ᠠᠰᠢᠭ ᠤᠨ ᠲᠥᠯᠥᠭᠡ ᠪᠤᠰᠤ ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ》 ᠭᠡᠵᠦ ᠰᠤᠷᠭᠠᠯᠲᠠ ᠶᠢᠨ ᠦᠢᠯᠡ ᠠᠵᠢᠯᠯᠠᠭ᠎ᠠ ᠪᠠᠨ ᠶᠠᠪᠤᠭᠤᠯᠬᠤ ᠦᠨᠳᠦᠰᠦᠨ ᠵᠣᠷᠢᠯᠭ᠎ᠠ ᠲᠠᠢ᠂ ᠦᠢᠯᠡ ᠠᠵᠢᠯᠯᠠᠭᠠᠨ ᠠᠴᠠ ᠪᠠᠨ ᠣᠯᠤᠭᠰᠠᠨ ᠠᠰᠢᠭ ᠢ /ᠣᠷᠣᠯᠭ᠎ᠠ ᠶᠢ/ ᠵᠥᠪᠬᠡᠨ ᠦᠨᠳᠦᠰᠦᠨ ᠵᠣᠷᠢᠯᠭ᠎ᠠ ᠶᠢᠨ ᠳᠠᠭᠠᠤ ᠵᠠᠷᠤᠴᠠᠭᠤᠯᠳᠠᠭ᠂ ᠦᠨᠳᠦᠰᠦᠨ ᠬᠥᠷᠥᠩᠭᠡ ᠨᠢ ᠬᠤᠪᠢᠴᠠᠭᠠᠨ ᠳᠤ ᠬᠤᠪᠢᠶᠠᠭᠳᠠᠳᠠᠭ ᠦᠭᠡᠢ ᠬᠠᠤᠯᠢ ᠶᠢᠨ ᠡᠲᠡᠭᠡᠳ ᠢ;
/ᠡᠨᠡ ᠵᠢᠭᠠᠯᠲᠠ ᠶᠢ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠨᠡᠮᠡᠭᠰᠡᠨ/
3.1.17.《ᠠᠰᠢᠭ ᠤᠨ ᠲᠥᠯᠥᠭᠡ ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ》 ᠭᠡᠵᠦ ᠬᠤᠪᠢ ᠣᠷᠣᠭᠤᠯᠤᠭᠰᠠᠨ ᠬᠥᠷᠥᠩᠭᠡ ᠨᠢ ᠲᠣᠳᠣᠷᠬᠠᠢ ᠲᠣᠭᠠᠨ ᠤ ᠬᠤᠪᠢᠴᠠᠭᠠᠨ ᠳᠤ ᠬᠤᠪᠢᠶᠠᠭᠳᠠᠳᠠᠭ᠂ ᠬᠤᠪᠢᠴᠠᠭ᠎ᠠ ᠡᠵᠡᠮᠰᠢᠭᠴᠢᠳ ᠨᠣᠭᠳᠠᠯ ᠠᠰᠢᠭ ᠬᠤᠪᠢᠶᠠᠷᠢᠯᠠᠳᠠᠭ ᠪᠥᠭᠡᠳ ᠠᠰᠢᠭ ᠤᠯᠬᠤ ᠵᠣᠷᠢᠯᠭ᠎ᠠ ᠪᠠᠷ ᠰᠤᠷᠭᠠᠯᠲᠠ ᠶᠢᠨ ᠦᠢᠯᠡ ᠠᠵᠢᠯᠯᠠᠭ᠎ᠠ ᠡᠷᠬᠢᠯᠡᠳᠡᠭ ᠬᠠᠤᠯᠢ ᠶᠢᠨ ᠡᠲᠡᠭᠡᠳ ᠢ;
/ᠡᠨᠡ ᠵᠢᠭᠠᠯᠲᠠ ᠶᠢ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠨᠡᠮᠡᠭᠰᠡᠨ/
3.1.18.《ᠰᠤᠷᠭᠠᠯᠲᠠ ᠶᠢᠨ ᠴᠥᠮ ᠬᠥᠲᠥᠯᠪᠦᠷᠢ》 ᠭᠡᠵᠦ ᠲᠤᠬᠠᠢ ᠶᠢᠨ ᠱᠠᠲᠤᠨ ᠳᠤ ᠰᠤᠷᠤᠯᠴᠠᠭᠴᠢ ᠶᠢᠨ ᠡᠵᠡᠮᠰᠢᠬᠦ ᠮᠡᠳᠡᠯᠭᠡ᠂ ᠤᠷ᠎ᠠ ᠴᠢᠳᠠᠪᠤᠷᠢ᠂ ᠲᠥᠯᠦᠪᠰᠢᠯ ᠦᠨ ᠲᠦᠪᠰᠢᠨ᠂ ᠲᠡᠭᠦᠨ ᠳᠦ ᠬᠦᠷᠬᠦ ᠴᠣᠭᠴᠠ ᠦᠢᠯᠡ ᠠᠵᠢᠯᠯᠠᠭᠠᠨ ᠤ ᠶᠡᠷᠦᠩᠬᠡᠢ ᠵᠣᠬᠢᠶᠠᠨ ᠪᠠᠶᠢᠭᠤᠯᠤᠯᠲᠠ ᠶᠢ ᠢᠯᠡᠷᠬᠡᠶᠢᠯᠡᠭᠰᠡᠨ ᠪᠠᠷᠢᠮᠲᠠ ᠪᠢᠴᠢᠭ ᠢ;
/ᠡᠨᠡ ᠵᠢᠭᠠᠯᠲᠠ ᠶᠢ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠨᠡᠮᠡᠭᠰᠡᠨ/
3.1.19.《ᠡᠳᠦᠷ ᠥᠨᠵᠢᠭᠦᠯᠬᠦ ᠦᠢᠯᠡᠴᠢᠯᠡᠭᠡ》 ᠭᠡᠵᠦ ᠡᠴᠢᠭᠡ᠂ ᠡᠬᠡ᠂ ᠠᠰᠠᠷᠠᠨ ᠬᠠᠮᠠᠭᠠᠯᠠᠭᠴᠢ ᠶᠢᠨ ᠬᠦᠰᠡᠯᠲᠡ ᠶᠢᠨ ᠳᠠᠭᠠᠤ ᠰᠤᠷᠭᠠᠯᠲᠠ ᠶᠢᠨ ᠪᠠᠶᠢᠭᠤᠯᠤᠯᠭ᠎ᠠ ᠢᠷᠭᠡᠨ ᠲᠡᠢ ᠬᠠᠷᠢᠯᠴᠠᠨ ᠲᠣᠬᠢᠷᠠᠯᠴᠠᠵᠤ ᠦᠢᠯᠡᠳᠦᠭᠰᠡᠨ ᠭᠡᠷ᠎ᠡ ᠶᠢᠨ ᠦᠨᠳᠦᠰᠦᠨ ᠳᠡᠭᠡᠷ᠎ᠡ ᠡᠷᠡᠭᠦᠯ᠂ ᠠᠶᠤᠯ ᠦᠭᠡᠢ ᠤᠷᠴᠢᠨ ᠳᠤ ᠬᠡᠦᠬᠡᠳ ᠢ ᠠᠰᠠᠷᠠᠬᠤ᠂ ᠬᠠᠮᠠᠭᠠᠯᠠᠬᠤ᠂ ᠬᠥᠭᠵᠢᠯ ᠢ ᠳᠡᠮᠵᠢᠬᠦ ᠰᠤᠷᠭᠠᠯᠲᠠ ᠠᠴᠠ ᠭᠠᠳᠠᠭᠤᠷ ᠦᠵᠡᠭᠦᠯᠬᠦ ᠦᠢᠯᠡᠴᠢᠯᠡᠭᠡ ᠶᠢ;
/ᠡᠨᠡ ᠵᠢᠭᠠᠯᠲᠠ ᠶᠢ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠨᠡᠮᠡᠭᠰᠡᠨ/
3.1.20.《ᠨᠠᠰᠤᠨ ᠲᠤᠷᠰᠢ ᠶᠢᠨ ᠪᠣᠯᠪᠠᠰᠤᠷᠠᠯ》 ᠭᠡᠵᠦ ᠪᠦᠬᠦ ᠨᠠᠰᠤᠨ ᠤ ᠢᠷᠭᠡᠳ ᠪᠣᠯᠪᠠᠰᠤᠷᠠᠯ ᠤᠨ ᠠᠯᠪᠠᠨ ᠪᠣᠯᠤᠨ ᠠᠯᠪᠠᠨ ᠪᠤᠰᠤ ᠬᠡᠯᠪᠡᠷᠢ ᠪᠡᠷ ᠶᠣᠰᠣ ᠰᠤᠷᠲᠠᠬᠤᠨ᠂ ᠭᠣᠸ᠎ᠠ ᠵᠦᠢ᠂ ᠢᠷᠭᠡᠨ᠂ ᠭᠡᠷ ᠪᠦᠯᠢ᠂ ᠰᠢᠨᠵᠢᠯᠡᠬᠦ ᠤᠬᠠᠭᠠᠨ᠂ ᠠᠮᠢᠳᠤᠷᠠᠬᠤ ᠤᠬᠠᠭᠠᠨ ᠤ ᠪᠣᠯᠪᠠᠰᠤᠷᠠᠯ ᠢ ᠲᠠᠰᠤᠷᠠᠯᠲᠠ ᠦᠭᠡᠢ ᠡᠵᠡᠮᠰᠢᠬᠦ ᠦᠢᠯᠡ ᠠᠵᠢᠯᠯᠠᠭ᠎ᠠ ᠶᠢ
/ᠡᠨᠡ ᠵᠢᠭᠠᠯᠲᠠ ᠶᠢ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠨᠡᠮᠡᠭᠰᠡᠨ/
ᠬᠡᠪᠯᠡᠬᠦ
4 ᠳ᠋ᠦᠭ ᠢᠶᠡᠷ ᠵᠦᠢᠯ᠃ ᠪᠣᠯᠪᠠᠰᠤᠷᠠᠯ ᠤᠨ ᠵᠣᠷᠢᠯᠭ᠎ᠠ
4.1.ᠮᠣᠩᠭᠣᠯ ᠤᠯᠤᠰ ᠤᠨ ᠪᠣᠯᠪᠠᠰᠤᠷᠠᠯ ᠤᠨ ᠵᠣᠷᠢᠯᠭ᠎ᠠ ᠨᠢ ᠢᠷᠭᠡᠨ ᠢ ᠣᠶᠤᠨ ᠤᠬᠠᠭᠠᠨ᠂ ᠶᠣᠰᠣ ᠰᠤᠷᠲᠠᠬᠤᠨ᠂ ᠪᠡᠶ᠎ᠡ ᠪᠢᠯᠳᠠᠷ ᠤᠨ ᠵᠣᠬᠢᠬᠤ ᠴᠢᠳᠠᠪᠬᠢ ᠲᠠᠢ᠂ ᠬᠦᠮᠦᠨᠯᠢᠭ ᠶᠣᠰᠣ ᠶᠢ ᠳᠡᠭᠡᠳᠦᠯᠡᠨ ᠰᠠᠬᠢᠳᠠᠭ᠂ ᠪᠡᠶ᠎ᠡ ᠳᠠᠩ ᠰᠤᠷᠬᠤ᠂ ᠠᠵᠢᠯᠯᠠᠬᠤ᠂ ᠠᠮᠢᠳᠤᠷᠠᠬᠤ ᠴᠢᠳᠠᠪᠤᠷᠢ ᠲᠠᠢ ᠪᠣᠯᠭᠠᠨ ᠲᠥᠯᠦᠪᠰᠢᠭᠦᠯᠬᠦ ᠳᠦ ᠣᠷᠣᠰᠢᠨ᠎ᠠ᠃
ᠬᠡᠪᠯᠡᠬᠦ
5 ᠳ᠋ᠤᠭᠠᠷ ᠵᠦᠢᠯ᠃ ᠪᠣᠯᠪᠠᠰᠤᠷᠠᠯ ᠤᠨ ᠦᠨᠳᠦᠰᠦᠨ ᠵᠠᠷᠴᠢᠮ
5.1.ᠪᠣᠯᠪᠠᠰᠤᠷᠠᠯ ᠤᠨ ᠦᠨᠳᠦᠰᠦᠨ ᠵᠠᠷᠴᠢᠮ ᠨᠢ᠄
5.1.1.ᠪᠣᠯᠪᠠᠰᠤᠷᠠᠯ ᠢ ᠲᠡᠷᠢᠭᠦᠯᠡᠬᠦ ᠰᠠᠯᠪᠤᠷᠢ ᠪᠣᠯᠭᠠᠨ ᠬᠥᠭᠵᠢᠭᠦᠯᠵᠦ᠂ ᠲᠥᠷᠥ ᠶᠢᠨ ᠢᠪᠡᠭᠡᠯ᠂ ᠵᠣᠬᠢᠴᠠᠭᠤᠯᠤᠯᠲᠠ᠂ ᠲᠥᠷᠥ᠂ ᠣᠯᠠᠨ ᠨᠡᠶᠢᠲᠡ ᠶᠢᠨ ᠬᠢᠨᠠᠯᠲᠠ ᠳᠤ ᠪᠠᠶᠢᠯᠭᠠᠨ᠎ᠠ;
5.1.2.ᠮᠣᠩᠭᠣᠯ ᠤᠯᠤᠰ ᠲᠤ ᠪᠣᠯᠪᠠᠰᠤᠷᠠᠯ ᠨᠢ ᠬᠦᠮᠦᠨᠯᠢᠭ᠂ ᠠᠷᠠᠳᠴᠢᠯᠠᠭᠰᠠᠨ᠂ ᠲᠠᠰᠤᠷᠠᠯᠲᠠ ᠦᠭᠡᠢ᠂ ᠪᠦᠬᠦ ᠨᠡᠶᠢᠲᠡ ᠳᠦ ᠬᠦᠷᠲᠡᠭᠡᠮᠵᠢᠲᠡᠢ ᠪᠠᠶᠢᠬᠤ ᠪᠥᠭᠡᠳ ᠦᠨᠳᠦᠰᠦᠨ ᠦ ᠪᠣᠯᠤᠨ ᠬᠦᠮᠦᠨ ᠲᠥᠷᠥᠯᠬᠢᠲᠡᠨ ᠦ ᠰᠤᠶᠤᠯ ᠢᠷᠭᠡᠨᠰᠢᠯ ᠦᠨ ᠦᠨᠡᠲᠦ ᠵᠦᠢᠯᠡᠰ᠂ ᠳᠡᠪᠰᠢᠯᠲᠡ ᠥᠪ ᠤᠯᠠᠮᠵᠢᠯᠠᠯ᠂ ᠰᠢᠨᠵᠢᠯᠡᠬᠦ ᠤᠬᠠᠭᠠᠨ ᠳᠤ ᠲᠤᠯᠭᠠᠭᠤᠷᠢᠯᠠᠨ᠎ᠠ;
5.1.3.ᠪᠣᠯᠪᠠᠰᠤᠷᠠᠯ ᠡᠵᠡᠮᠰᠢᠭᠦᠯᠬᠦ ᠠᠷᠭ᠎ᠠ᠂ ᠬᠡᠯᠪᠡᠷᠢ᠂ ᠰᠤᠷᠤᠯᠴᠠᠭᠴᠢ ᠶᠢᠨ ᠬᠡᠷᠡᠭᠴᠡᠭᠡ᠂ ᠬᠤᠪ ᠤᠨ ᠪᠣᠯᠤᠨ ᠬᠥᠭᠵᠢᠯ ᠦᠨ ᠣᠨᠴᠠᠯᠢᠭ ᠲᠤ ᠨᠡᠶᠢᠴᠡᠭᠰᠡᠨ ᠣᠯᠠᠨ ᠬᠤᠪᠢᠯᠪᠤᠷᠢ ᠲᠠᠢ᠂ ᠴᠢᠯᠦᠭᠡᠲᠡᠢ᠂ ᠨᠡᠭᠡᠭᠡᠯᠲᠡᠲᠡᠢ ᠪᠠᠶᠢᠨ᠎ᠠ;
/ᠡᠨᠡ ᠵᠢᠭᠠᠯᠲᠠ ᠳᠤ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠨᠡᠮᠡᠯᠲᠡ ᠣᠷᠣᠭᠤᠯᠤᠭᠰᠠᠨ/
5.1.4.ᠢᠷᠭᠡᠨ ᠢ ᠰᠤᠷᠴᠤ ᠪᠣᠯᠪᠠᠰᠤᠷᠠᠬᠤ ᠳᠤ ᠦᠨᠳᠦᠰᠦ ᠤᠭᠰᠠᠭ᠎ᠠ᠂ ᠬᠡᠯᠡ᠂ ᠠᠷᠠᠰᠤᠨ ᠤ ᠥᠩᠭᠡ᠂ ᠨᠠᠰᠤ᠂ ᠬᠦᠢᠰᠦ᠂ ᠬᠥᠭᠵᠢᠯ ᠦᠨ ᠣᠨᠴᠠᠯᠢᠭ᠂ ᠡᠷᠡᠭᠦᠯ ᠮᠡᠨᠳᠦ᠂ ᠨᠡᠶᠢᠭᠡᠮ ᠤᠨ ᠭᠠᠷᠤᠯ᠂ ᠪᠠᠶᠢᠳᠠᠯ᠂ ᠬᠥᠷᠥᠩᠭᠡ ᠴᠢᠨᠡᠭᠡ᠂ ᠡᠷᠬᠢᠯᠡᠭᠰᠡᠨ ᠠᠵᠢᠯ᠂ ᠠᠯᠪᠠᠨ ᠲᠤᠰᠢᠶᠠᠯ᠂ ᠱᠠᠰᠢᠨ ᠰᠢᠲᠦᠯᠭᠡ᠂ ᠦᠵᠡᠯ ᠪᠣᠳᠣᠯ ᠢᠶᠠᠷ ᠨᠢ ᠢᠯᠭᠠᠪᠤᠷᠢᠯᠠᠨ ᠭᠠᠳᠠᠭᠤᠷᠬᠠᠬᠤ ᠦᠭᠡᠢ ᠪᠠᠶᠢᠬᠤ᠂ ᠡᠬᠡ ᠬᠡᠯᠡ ᠪᠡᠷ ᠢᠶᠡᠨ ᠰᠤᠷᠴᠤ ᠪᠣᠯᠪᠠᠰᠤᠷᠠᠬᠤ ᠲᠡᠭᠰᠢ ᠪᠣᠯᠤᠮᠵᠢ᠂ ᠨᠥᠬᠥᠴᠡᠯ ᠢᠶᠡᠷ ᠬᠠᠩᠭᠠᠨ᠎ᠠ;
/ᠡᠨᠡ ᠵᠢᠭᠠᠯᠲᠠ ᠳᠤ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠨᠡᠮᠡᠯᠲᠡ ᠣᠷᠣᠭᠤᠯᠤᠭᠰᠠᠨ/
5.1.5.ᠨᠡᠶᠢᠭᠡᠮ᠂ ᠢᠷᠭᠡᠨ ᠦ ᠡᠷᠬᠡ ᠠᠰᠢᠭ᠂ ᠡᠷᠡᠭᠦᠯ ᠮᠡᠨᠳᠦ᠂ ᠠᠶᠤᠯ ᠦᠭᠡᠢ ᠪᠠᠶᠢᠳᠠᠯ ᠳᠤ ᠰᠥᠷᠭᠦ ᠨᠥᠯᠥᠭᠡ ᠪᠦᠬᠦᠢ᠂ ᠭᠠᠳᠠᠭᠠᠳᠤ ᠤᠯᠤᠰ ᠤᠨ ᠰᠠᠩᠬᠦᠵᠢᠯᠲᠡ᠂ ᠵᠣᠬᠢᠶᠠᠨ ᠪᠠᠶᠢᠭᠤᠯᠤᠯᠲᠠ ᠲᠠᠢ ᠪᠠᠷ ᠱᠠᠰᠢᠨ ᠤ ᠴᠢᠭᠯᠡᠯ ᠢᠶᠡᠷ ᠰᠤᠷᠭᠠᠯᠲᠠ᠂ ᠱᠠᠰᠢᠨ ᠤ ᠵᠠᠩ ᠦᠢᠯᠡ᠂ ᠪᠤᠰᠤᠳ ᠦᠢᠯᠡ ᠠᠵᠢᠯᠯᠠᠭ᠎ᠠ ᠰᠤᠷᠭᠠᠯᠲᠠ ᠵᠣᠬᠢᠶᠠᠨ ᠪᠠᠶᠢᠭᠤᠯᠬᠤ ᠶᠢ ᠬᠣᠷᠢᠭᠯᠠᠨ᠎ᠠ;
/ᠡᠨᠡ ᠵᠢᠭᠠᠯᠲᠠ ᠳᠤ 2012 ᠣᠨ ᠤ 5 ᠳ᠋ᠤᠭᠠᠷ ᠰᠠᠷ᠎ᠠ ᠶᠢᠨ 09 ᠍ ᠦ ᠡᠳᠦᠷ ᠦᠨ ᠬᠠᠤᠯᠢ ᠪᠠᠷ ᠨᠡᠮᠡᠯᠲᠡ ᠣᠷᠣᠭᠤᠯᠤᠭᠰᠠᠨ/
5.1.6.ᠥᠮᠴᠢ ᠶᠢᠨ ᠲᠥᠷᠥᠯ᠂ ᠬᠡᠯᠪᠡᠷᠢ ᠶᠢ ᠬᠠᠷᠠᠭᠠᠯᠵᠠᠬᠤ ᠦᠭᠡᠢ ᠪᠡᠷ ᠪᠣᠯᠪᠠᠰᠤᠷᠠᠯ ᠤᠨ ᠪᠠᠶᠢᠭᠤᠯᠤᠯᠭ᠎ᠠ ᠳᠤ ᠠᠳᠠᠯᠢ ᠲᠡᠭᠰᠢ ᠬᠠᠨᠳᠤᠨ᠎ᠠ᠃
ᠬᠡᠪᠯᠡᠬᠦ
6 ᠳ᠋ᠤᠭᠠᠷ ᠵᠦᠢᠯ᠃ ᠢᠷᠭᠡᠨ ᠦ ᠰᠤᠷᠴᠤ ᠪᠣᠯᠪᠠᠰᠤᠷᠠᠬᠤ ᠦᠨᠳᠦᠰᠦᠨ ᠡᠷᠬᠡ᠂ ᠡᠭᠦᠷᠭᠡ
6.1.ᠮᠣᠩᠭᠣᠯ ᠤᠯᠤᠰ ᠤᠨ ᠢᠷᠭᠡᠨ ᠪᠦᠬᠦ ᠱᠠᠲᠤᠨ ᠤ ᠪᠣᠯᠪᠠᠰᠤᠷᠠᠯ ᠢ ᠬᠠᠤᠯᠢ ᠳᠤ ᠵᠢᠭᠠᠭᠰᠠᠨ ᠨᠥᠬᠥᠴᠡᠯ᠂ ᠵᠢᠷᠤᠮ ᠤᠨ ᠳᠠᠭᠠᠤ ᠲᠥᠯᠦᠪᠦᠷᠢ ᠦᠭᠡᠢ ᠪᠤᠶᠤ ᠲᠥᠯᠥᠪᠦᠷᠢ ᠲᠡᠢ ᠪᠡᠷ ᠰᠤᠷᠴᠤ ᠡᠵᠡᠮᠰᠢᠬᠦ᠂ ᠠᠵᠢᠯ ᠡᠷᠬᠢᠯᠡᠬᠦ ᠶᠢᠨ ᠵᠡᠷᠭᠡᠴᠡᠭᠡ ᠰᠤᠷᠤᠯᠴᠠᠬᠤ ᠡᠷᠬᠡ ᠲᠡᠢ᠃
6.2.ᠦᠨᠳᠦᠰᠦᠨ ᠬᠠᠤᠯᠢ ᠳᠤ ᠵᠢᠭᠠᠭᠰᠠᠨ ᠤ ᠳᠠᠭᠠᠤ ᠲᠥᠷᠥ ᠡᠴᠡ ᠪᠦᠬᠦ ᠨᠡᠶᠢᠲᠡ ᠶᠢᠨ ᠶᠡᠷᠦᠩᠬᠡᠢ ᠪᠣᠯᠪᠠᠰᠤᠷᠠᠯ ᠢ ᠲᠥᠯᠦᠪᠦᠷᠢ ᠦᠭᠡᠢ ᠣᠯᠭᠤᠨ᠎ᠠ᠃
6.3.ᠮᠣᠩᠭᠣᠯ ᠤᠯᠤᠰ ᠤᠨ ᠢᠷᠭᠡᠨ ᠰᠠᠭᠤᠷᠢ ᠪᠣᠯᠪᠠᠰᠤᠷᠠᠯ ᠵᠠᠪᠠᠯ ᠡᠵᠡᠮᠰᠢᠬᠦ ᠡᠭᠦᠷᠭᠡ ᠲᠡᠢ᠃
6.4.ᠢᠷᠭᠡᠨ ᠲᠣᠳᠣᠷᠬᠠᠢ ᠬᠤᠭᠤᠴᠠᠭᠠᠨ ᠳᠤ ᠮᠡᠷᠭᠡᠰᠢᠯ ᠳᠡᠭᠡᠭᠰᠢᠯᠡᠭᠦᠯᠬᠦ ᠰᠤᠷᠭᠠᠯᠲᠠ ᠳᠤ ᠬᠠᠮᠤᠷᠤᠭᠳᠠᠬᠤ᠂ ᠪᠡᠶ᠎ᠡ ᠳᠠᠩ ᠰᠤᠷᠤᠯᠴᠠᠬᠤ ᠵᠠᠮ ᠢᠶᠠᠷ ᠪᠣᠯᠪᠠᠰᠤᠷᠠᠯ᠂ ᠮᠡᠷᠭᠡᠰᠢᠯ ᠦᠨ ᠤᠷ᠎ᠠ ᠴᠢᠳᠠᠪᠤᠷᠢ ᠪᠠᠨ ᠪᠠᠶᠢᠩᠭᠤ ᠳᠡᠭᠡᠭᠰᠢᠯᠡᠭᠦᠯᠵᠦ ᠪᠠᠶᠢᠬᠤ ᠡᠭᠦᠷᠭᠡ ᠲᠡᠢ᠃
/ᠡᠨᠡ ᠬᠡᠰᠡᠭ ᠢ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠨᠡᠮᠡᠭᠰᠡᠨ/
ᠬᠡᠪᠯᠡᠬᠦ
7 ᠳ᠋ᠤᠭᠠᠷ ᠵᠦᠢᠯ᠃ ᠪᠣᠯᠪᠠᠰᠤᠷᠠᠯ ᠤᠨ ᠲᠣᠭᠲᠠᠯᠴᠠᠭ᠎ᠠ
7.1.ᠮᠣᠩᠭᠣᠯ ᠤᠯᠤᠰ ᠲᠤ ᠪᠣᠯᠪᠠᠰᠤᠷᠠᠯ ᠤᠨ ᠲᠣᠭᠲᠠᠯᠴᠠᠭ᠎ᠠ ᠨᠢ ᠠᠯᠪᠠᠨ ᠪᠠ ᠠᠯᠪᠠᠨ ᠪᠤᠰᠤ ᠪᠣᠯᠪᠠᠰᠤᠷᠠᠯ ᠤᠨ ᠨᠢᠭᠡᠳᠦᠯ ᠪᠠᠶᠢᠬᠤ ᠪᠥᠭᠡᠳ ᠰᠤᠷᠭᠠᠭᠤᠯᠢ ᠶᠢᠨ ᠡᠮᠦᠨᠡᠬᠢ ᠪᠣᠯᠤᠨ ᠪᠠᠭ᠎ᠠ᠂ ᠳᠤᠮᠳᠠ᠂ ᠮᠡᠷᠭᠡᠵᠢᠯ ᠦᠨ ᠪᠣᠯᠪᠠᠰᠤᠷᠠᠯ᠂ ᠳᠡᠭᠡᠳᠦ ᠪᠣᠯᠪᠠᠰᠤᠷᠠᠯ ᠠᠴᠠ ᠪᠥᠷᠢᠳᠦᠨ᠎ᠡ᠃
/ᠡᠨᠡ ᠬᠡᠰᠡᠭ ᠲᠦ 2009 ᠣᠨ ᠤ 2 ᠳ᠋ᠤᠭᠠᠷ ᠰᠠᠷ᠎ᠠ ᠶᠢᠨ 13 ᠍ ᠤ ᠡᠳᠦᠷ ᠦᠨ ᠬᠠᠤᠯᠢ ᠪᠠᠷ ᠨᠡᠮᠡᠯᠲᠡ ᠣᠷᠣᠭᠤᠯᠤᠭᠰᠠᠨ/
7.2.ᠠᠯᠪᠠᠨ ᠪᠣᠯᠪᠠᠰᠤᠷᠠᠯ ᠤᠨ ᠠᠭᠤᠯᠭ᠎ᠠ᠂ ᠰᠲ᠋ᠠᠨᠳᠠᠷᠲ ᠢ ᠬᠠᠤᠯᠢ ᠳᠤ ᠵᠢᠭᠠᠭᠰᠠᠨ ᠵᠢᠷᠤᠮ ᠤᠨ ᠳᠠᠭᠠᠤ ᠲᠣᠭᠲᠠᠭᠠᠨ᠎ᠠ᠃ ᠠᠯᠪᠠᠨ ᠪᠤᠰᠤ ᠪᠣᠯᠪᠠᠰᠤᠷᠠᠯ ᠤᠨ ᠠᠭᠤᠯᠭ᠎ᠠ ᠴᠢᠯᠦᠭᠡᠲᠡᠢ ᠪᠠᠶᠢᠨ᠎ᠠ᠃
ᠬᠡᠪᠯᠡᠬᠦ
8 ᠳ᠋ᠤᠭᠠᠷ ᠵᠦᠢᠯ᠃ ᠪᠣᠯᠪᠠᠰᠤᠷᠠᠯ ᠡᠵᠡᠮᠰᠢᠬᠦ ᠠᠷᠭ᠎ᠠ᠂ ᠬᠡᠯᠪᠡᠷᠢ
8.1.ᠢᠷᠭᠡᠨ ᠨᠢ ᠪᠣᠯᠪᠠᠰᠤᠷᠠᠯ ᠢ ᠠᠯᠪᠠᠨ ᠪᠣᠯᠤᠨ ᠠᠯᠪᠠᠨ ᠪᠤᠰᠤ ᠰᠤᠷᠭᠠᠯᠲᠠ ᠪᠠᠷ ᠡᠵᠡᠮᠰᠢᠵᠦ ᠪᠣᠯᠤᠨ᠎ᠠ᠃
/ᠡᠨᠡ ᠬᠡᠰᠡᠭ ᠲᠦ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
8.2.ᠲᠣᠳᠣᠷᠬᠠᠢ ᠬᠤᠭᠤᠴᠠᠭᠠᠨ ᠤ ᠪᠣᠯᠪᠠᠰᠤᠷᠠᠯ ᠢ ᠨᠥᠬᠥᠬᠥ᠂ ᠪᠡᠶ᠎ᠡ ᠳᠠᠩ ᠡᠵᠡᠮᠰᠢᠬᠦ ᠵᠣᠷᠢᠯᠭ᠎ᠠ ᠪᠠᠷ ᠪᠠᠭ᠎ᠠ᠂ ᠳᠤᠮᠳᠠ ᠪᠣᠯᠪᠠᠰᠤᠷᠠᠯ ᠢ ᠠᠯᠪᠠᠨ ᠪᠤᠰᠤ ᠰᠤᠷᠭᠠᠯᠲᠠ ᠶᠢᠨ ᠳᠦᠢᠴᠡᠭᠰᠡᠨ ᠬᠥᠲᠥᠯᠪᠦᠷᠢ ᠪᠡᠷ ᠣᠯᠭᠤᠵᠤ ᠪᠣᠯᠬᠤ ᠪᠥᠭᠡᠳ ᠤᠭ ᠬᠥᠲᠥᠯᠪᠦᠷᠢ ᠶᠢᠨ ᠠᠭᠤᠯᠭ᠎ᠠ᠂ ᠰᠤᠷᠭᠠᠯᠲᠠ ᠶᠠᠪᠤᠭᠤᠯᠬᠤ ᠵᠢᠷᠤᠮ ᠢ ᠪᠣᠯᠪᠠᠰᠤᠷᠠᠯ ᠤᠨ ᠠᠰᠠᠭᠤᠳᠠᠯ ᠡᠷᠬᠢᠯᠡᠭᠰᠡᠨ ᠵᠠᠰᠠᠭ ᠤᠨ ᠭᠠᠵᠠᠷ ᠤᠨ ᠭᠡᠰᠢᠭᠦᠨ ᠪᠠᠲᠤᠯᠠᠨ᠎ᠠ᠃
/ᠡᠨᠡ ᠬᠡᠰᠡᠭ ᠢ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠨᠡᠮᠡᠭᠰᠡᠨ/
ᠬᠡᠪᠯᠡᠬᠦ
9 ᠳᠦᠭᠡᠷ ᠵᠦᠢᠯ᠃ ᠪᠣᠯᠪᠠᠰᠤᠷᠠᠯ ᠤᠨ ᠪᠠᠷᠢᠮᠲᠠ ᠪᠢᠴᠢᠭ
9.1.ᠪᠣᠯᠪᠠᠰᠤᠷᠠᠯ ᠤᠨ ᠪᠠᠷᠢᠮᠲᠠ ᠪᠢᠴᠢᠭ ᠨᠢ ᠲᠤᠬᠠᠢ ᠶᠢᠨ ᠢᠷᠭᠡᠨ ᠦ ᠡᠵᠡᠮᠰᠢᠭᠰᠡᠨ ᠪᠣᠯᠪᠠᠰᠤᠷᠠᠯ ᠤᠨ ᠠᠭᠤᠯᠭ᠎ᠠ ᠶᠢᠨ ᠲᠦᠪᠰᠢᠨ᠂ ᠮᠡᠷᠭᠡᠵᠢᠯ ᠢ ᠭᠡᠷᠡᠴᠢᠯᠡᠭᠰᠡᠨ ᠠᠯᠪᠠᠨ ᠶᠣᠰᠣᠨ ᠤ ᠪᠠᠲᠤᠯᠠᠭ᠎ᠠ ᠮᠥᠨ᠃
9.2.ᠪᠣᠯᠪᠠᠰᠤᠷᠠᠯ ᠤᠨ ᠪᠠᠷᠢᠮᠲᠠ ᠪᠢᠴᠢᠭ /ᠭᠡᠷᠡᠴᠢᠯᠡᠭᠡ᠂ ᠦᠨᠡᠮᠯᠡᠬᠦ᠂ ᠳ᠋ᠢᠫᠯᠣᠮ/ ᠍ ᠢ ᠪᠦᠷᠢᠳᠦᠭᠦᠯᠬᠦ᠂ ᠣᠯᠭᠣᠬᠤ ᠵᠢᠷᠤᠮ ᠢ ᠪᠣᠯᠪᠠᠰᠤᠷᠠᠯ ᠤᠨ ᠠᠰᠠᠭᠤᠳᠠᠯ ᠡᠷᠬᠢᠯᠡᠭᠰᠡᠨ ᠲᠥᠷᠥ ᠶᠢᠨ ᠵᠠᠬᠢᠷᠭᠠᠨ ᠤ ᠲᠥᠪ ᠪᠠᠶᠢᠭᠤᠯᠤᠯᠭ᠎ᠠ ᠪᠠᠲᠤᠯᠠᠨ᠎ᠠ᠃
9.3.ᠶᠡᠷᠦᠩᠬᠡᠢ ᠪᠣᠯᠪᠠᠰᠤᠷᠠᠯ ᠤᠨ ᠰᠤᠷᠭᠠᠭᠤᠯᠢ᠂ ᠠᠯᠪᠠᠨ ᠪᠤᠰᠤ ᠪᠣᠯᠪᠠᠰᠤᠷᠠᠯ ᠤᠨ ᠲᠥᠪ ᠨᠢ ᠰᠤᠷᠭᠠᠯᠲᠠ ᠶᠢᠨ ᠪᠠᠷᠢᠮᠲᠠ ᠪᠢᠴᠢᠭ ᠪᠣᠯᠬᠤ ᠰᠤᠷᠤᠭᠴᠢ ᠶᠢᠨ ᠬᠤᠪ ᠤᠨ ᠬᠡᠷᠡᠭ᠂ ᠠᠩᠬᠢ ᠶᠢᠨ ᠵᠦᠷᠨᠠᠯ ᠢ ᠬᠥᠲᠥᠯᠦᠨ᠎ᠡ᠃
/ᠡᠨᠡ ᠬᠡᠰᠡᠭ ᠢ 2012 ᠣᠨ ᠤ 5 ᠳ᠋ᠤᠭᠠᠷ ᠰᠠᠷ᠎ᠠ ᠶᠢᠨ 09 ᠍ ᠦ ᠡᠳᠦᠷ ᠦᠨ ᠬᠠᠤᠯᠢ ᠪᠠᠷ ᠨᠡᠮᠡᠭᠰᠡᠨ/
9.4.ᠰᠤᠷᠭᠠᠯᠲᠠ ᠶᠢᠨ ᠪᠠᠷᠢᠮᠲᠠ ᠪᠢᠴᠢᠭ ᠦᠨ ᠵᠠᠭᠪᠤᠷ᠂ ᠲᠡᠭᠦᠨ ᠢ ᠬᠥᠲᠥᠯᠬᠦ ᠵᠢᠷᠤᠮ ᠢ ᠪᠣᠯᠪᠠᠰᠤᠷᠠᠯ ᠤᠨ ᠠᠰᠠᠭᠤᠳᠠᠯ ᠡᠷᠬᠢᠯᠡᠭᠰᠡᠨ ᠲᠥᠷᠥ ᠶᠢᠨ ᠵᠠᠬᠢᠷᠭᠠᠨ ᠤ ᠲᠥᠪ ᠪᠠᠶᠢᠭᠤᠯᠤᠯᠭ᠎ᠠ ᠪᠠᠲᠤᠯᠠᠨ᠎ᠠ᠃
/ᠡᠨᠡ ᠬᠡᠰᠡᠭ ᠢ 2012 ᠣᠨ ᠤ 5 ᠳ᠋ᠤᠭᠠᠷ ᠰᠠᠷ᠎ᠠ ᠶᠢᠨ 09 ᠍ ᠦ ᠡᠳᠦᠷ ᠦᠨ ᠬᠠᠤᠯᠢ ᠪᠠᠷ ᠨᠡᠮᠡᠭᠰᠡᠨ/
9.5.ᠭᠠᠳᠠᠭᠠᠳᠤ ᠤᠯᠤᠰ ᠤᠨ ᠪᠣᠯᠪᠠᠰᠤᠷᠠᠯ ᠤᠨ ᠪᠠᠷᠢᠮᠲᠠ ᠪᠢᠴᠢᠭ ᠢ ᠮᠣᠩᠭᠣᠯ ᠤᠯᠤᠰ ᠤᠨ ᠪᠣᠯᠪᠠᠰᠤᠷᠠᠯ ᠤᠨ ᠪᠠᠷᠢᠮᠲᠠ ᠪᠢᠴᠢᠭ ᠲᠡᠢ ᠳᠦᠢᠴᠡᠭᠦᠯᠬᠦ᠂ ᠪᠠᠭᠴᠠ ᠴᠠᠭ ᠬᠠᠷᠢᠯᠴᠠᠨ ᠲᠣᠭᠠᠴᠠᠬᠤ ᠠᠰᠠᠭᠤᠳᠠᠯ ᠢ ᠪᠣᠯᠪᠠᠰᠤᠷᠠᠯ ᠤᠨ ᠠᠰᠠᠭᠤᠳᠠᠯ ᠡᠷᠬᠢᠯᠡᠭᠰᠡᠨ ᠲᠥᠷᠥ ᠶᠢᠨ ᠵᠠᠬᠢᠷᠭᠠᠨ ᠤ ᠲᠥᠪ ᠪᠠᠶᠢᠭᠤᠯᠤᠯᠭ᠎ᠠ ᠰᠢᠢᠳᠪᠦᠷᠢᠯᠡᠨ᠎ᠡ
/ᠡᠨᠡ ᠬᠡᠰᠡᠭ ᠢ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠨᠡᠮᠡᠭᠰᠡᠨ/
ᠬᠡᠪᠯᠡᠬᠦ
ᠬᠣᠶᠠᠳᠤᠭᠠᠷ ᠪᠦᠯᠦᠭ
ᠪᠣᠯᠪᠠᠰᠤᠷᠠᠯ ᠤᠨ ᠬᠥᠲᠥᠯᠪᠦᠷᠢ᠂ ᠠᠭᠤᠯᠭ᠎ᠠ᠂ ᠰᠲ᠋ᠠᠨᠳᠠᠷᠲ
/ᠡᠨᠡ ᠪᠦᠯᠦᠭ ᠦᠨ ᠭᠠᠷᠴᠠᠭ ᠲᠤ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
10 ᠳ᠋ᠤᠭᠠᠷ ᠵᠦᠢᠯ᠃ ᠪᠣᠯᠪᠠᠰᠤᠷᠠᠯ ᠤᠨ ᠬᠥᠲᠥᠯᠪᠦᠷᠢ᠂ ᠠᠭᠤᠯᠭ᠎ᠠ
/ᠡᠨᠡ ᠵᠦᠢᠯ ᠦᠨ ᠭᠠᠷᠴᠠᠭ ᠲᠤ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
10.1.ᠪᠣᠯᠪᠠᠰᠤᠷᠠᠯ ᠤᠨ ᠠᠭᠤᠯᠭ᠎ᠠ ᠨᠢ ᠰᠤᠷᠤᠯᠴᠠᠭᠴᠢ ᠶᠢᠨ ᠨᠠᠰᠤ᠂ ᠪᠡᠶ᠎ᠡ᠂ ᠰᠡᠳᠬᠢᠬᠦᠢ ᠶᠢᠨ ᠣᠨᠴᠠᠯᠢᠭ᠂ ᠠᠪᠢᠶᠠᠰ᠂ ᠰᠣᠨᠢᠷᠬᠠᠯ᠂ ᠬᠤᠪ ᠤᠨ ᠪᠣᠯᠤᠨ ᠨᠡᠶᠢᠭᠡᠮ ᠤᠨ ᠬᠡᠷᠡᠭᠴᠡᠭᠡ᠂ ᠦᠨᠳᠦᠰᠦᠨ ᠦ ᠥᠪ᠂ ᠰᠢᠨᠵᠢᠯᠡᠬᠦ ᠤᠬᠠᠭᠠᠨ᠂ ᠲᠧᠭᠨᠣᠯᠣᠭᠢ ᠶᠢᠨ ᠬᠥᠭᠵᠢᠯ ᠦᠨ ᠬᠠᠨᠳᠤᠯᠭ᠎ᠠ ᠳᠤ ᠨᠡᠶᠢᠴᠡᠭᠦᠯᠦᠨ ᠪᠣᠯᠪᠠᠰᠤᠷᠠᠯ ᠤᠨ ᠵᠣᠷᠢᠯᠭ᠎ᠠ ᠶᠢ ᠬᠡᠷᠡᠭᠵᠢᠭᠦᠯᠬᠦ ᠳᠦ ᠴᠢᠭᠯᠡᠨ᠎ᠡ᠃
10.2.ᠲᠤᠬᠠᠢ ᠶᠢᠨ ᠱᠠᠲᠤᠨ ᠤ ᠪᠣᠯᠪᠠᠰᠤᠷᠠᠯ ᠤᠨ ᠠᠭᠤᠯᠭ᠎ᠠ ᠶᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠬᠥᠲᠥᠯᠪᠦᠷᠢ ᠪᠡᠷ ᠵᠣᠬᠢᠶᠠᠨ ᠪᠠᠶᠢᠭᠤᠯᠤᠨ᠎ᠠ᠃
/ᠡᠨᠡ ᠬᠡᠰᠡᠭ ᠢ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠨᠡᠮᠡᠭᠰᠡᠨ/
10.3.ᠪᠦᠬᠦ ᠱᠠᠲᠤᠨ ᠤ ᠪᠣᠯᠪᠠᠰᠤᠷᠠᠯ ᠤᠨ ᠬᠥᠲᠥᠯᠪᠦᠷᠢ ᠳᠦ ᠮᠣᠩᠭᠣᠯ ᠤᠨ ᠲᠡᠦᠬᠡ᠂ ᠬᠡᠯᠡ᠂ ᠰᠤᠶᠤᠯ᠂ ᠦᠨᠳᠦᠰᠦᠨ ᠦ ᠥᠪ ᠤᠯᠠᠮᠵᠢᠯᠠᠯ᠂ ᠵᠠᠩ ᠵᠠᠩᠰᠢᠯ᠂ ᠡᠬᠡ ᠣᠷᠣᠨᠴᠢ ᠰᠡᠳᠬᠢᠯᠭᠡ᠂ ᠬᠤᠪᠢ ᠬᠦᠮᠦᠨ ᠦ ᠲᠥᠯᠦᠪᠰᠢᠯ᠂ ᠬᠥᠭᠵᠢᠯ᠂ ᠭᠡᠷ ᠪᠦᠯᠢ᠂ ᠬᠦᠮᠦᠨ ᠲᠥᠷᠥᠯᠬᠢᠲᠡᠨ ᠦ ᠨᠡᠶᠢᠲᠡᠯᠢᠭ ᠦᠨᠡᠲᠦ ᠵᠦᠢᠯ᠂ ᠰᠤᠷᠤᠯᠴᠠᠭᠴᠢ ᠶᠢᠨ ᠭᠦᠢᠴᠡᠳᠭᠡᠬᠦ ᠰᠠᠶᠢᠨ ᠳᠤᠷ᠎ᠠ ᠶᠢᠨ ᠦᠢᠯᠡ ᠠᠵᠢᠯᠯᠠᠭᠠᠨ ᠤ ᠲᠥᠷᠥᠯ᠂ ᠠᠭᠤᠯᠭ᠎ᠠ ᠶᠢ ᠵᠢᠭᠠᠪᠠᠯ ᠲᠤᠰᠬᠠᠵᠤ᠂ ᠮᠦᠽᠧᠢ᠂ ᠨᠣᠮ ᠤᠨ ᠰᠠᠩ᠂ ᠺᠢᠨᠣ᠋ ᠵᠡᠷᠭᠡ ᠰᠤᠶᠤᠯ᠂ ᠤᠷᠠᠯᠢᠭ᠂ ᠰᠫᠣᠷᠲ ᠤᠨ ᠪᠠᠶᠢᠭᠤᠯᠤᠯᠭ᠎ᠠ ᠶᠢᠨ ᠪᠣᠯᠤᠮᠵᠢ ᠶᠢ ᠠᠰᠢᠭᠯᠠᠬᠤ ᠪᠠᠷ ᠵᠣᠬᠢᠶᠠᠨ ᠪᠠᠶᠢᠭᠤᠯᠤᠨ᠎ᠠ
/ᠡᠨᠡ ᠬᠡᠰᠡᠭ ᠢ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠨᠡᠮᠡᠭᠰᠡᠨ/
ᠬᠡᠪᠯᠡᠬᠦ
11 ᠳ᠋ᠦᠭ ᠢᠶᠡᠷ ᠵᠦᠢᠯ᠃ ᠪᠣᠯᠪᠠᠰᠤᠷᠠᠯ ᠤᠨ ᠠᠭᠤᠯᠭ᠎ᠠ ᠶᠢᠨ ᠲᠦᠪᠰᠢᠨ᠂ ᠰᠲ᠋ᠠᠨᠳᠠᠷᠲ
11.1.ᠪᠣᠯᠪᠠᠰᠤᠷᠠᠯ ᠤᠨ ᠠᠭᠤᠯᠭ᠎ᠠ ᠶᠢ ᠲᠦᠪᠰᠢᠨ ᠢᠶᠡᠷ ᠨᠢ ᠰᠤᠷᠭᠠᠭᠤᠯᠢ ᠶᠢᠨ ᠡᠮᠦᠨᠡᠬᠢ ᠪᠣᠯᠤᠨ ᠪᠠᠭ᠎ᠠ᠂ ᠳᠤᠮᠳᠠ᠂ ᠮᠡᠷᠭᠡᠵᠢᠯ ᠦᠨ ᠪᠣᠯᠪᠠᠰᠤᠷᠠᠯ᠂ ᠳᠡᠭᠡᠳᠦ ᠭᠡᠵᠦ ᠠᠩᠭᠢᠯᠠᠨ᠎ᠠ᠃ ᠪᠣᠯᠪᠠᠰᠤᠷᠠᠯ ᠤᠨ ᠠᠭᠤᠯᠭ᠎ᠠ ᠶᠢ ᠰᠤᠷᠭᠠᠭᠤᠯᠢ ᠶᠢᠨ ᠡᠮᠦᠨᠡᠬᠢ ᠪᠣᠯᠪᠠᠰᠤᠷᠠᠯ ᠤᠨ ᠲᠤᠬᠠᠢ᠂ ᠪᠠᠭ᠎ᠠ᠂ ᠳᠤᠮᠳᠠ ᠪᠣᠯᠪᠠᠰᠤᠷᠠᠯ ᠤᠨ ᠲᠤᠬᠠᠢ᠂ ᠳᠡᠭᠡᠳᠦ ᠪᠣᠯᠪᠠᠰᠤᠷᠠᠯ ᠤᠨ ᠲᠤᠬᠠᠢ᠂ ᠮᠡᠷᠭᠡᠵᠢᠯ ᠦᠨ ᠪᠣᠯᠪᠠᠰᠤᠷᠠᠯ᠂ ᠰᠤᠷᠭᠠᠯᠲᠠ ᠶᠢᠨ ᠲᠤᠬᠠᠢ ᠬᠠᠤᠯᠢ ᠳᠤ ᠵᠢᠭᠠᠭᠰᠠᠨ ᠤ ᠳᠠᠭᠠᠤ ᠲᠤᠰ ᠲᠤᠰ ᠲᠣᠳᠣᠷᠬᠠᠶᠢᠯᠠᠵᠤ᠂ ᠲᠣᠭᠲᠠᠭᠠᠨ᠎ᠠ᠃
/ᠡᠨᠡ ᠬᠡᠰᠡᠭ ᠲᠦ 2008 ᠣᠨ ᠤ 5 ᠳ᠋ᠤᠭᠠᠷ ᠰᠠᠷ᠎ᠠ ᠶᠢᠨ 23 ᠍ ᠤ ᠡᠳᠦᠷ ᠦᠨ ᠬᠠᠤᠯᠢ ᠪᠠᠷ ᠨᠡᠮᠡᠯᠲᠡ ᠣᠷᠣᠭᠤᠯᠤᠭᠰᠠᠨ/
/ᠡᠨᠡ ᠬᠡᠰᠡᠭ ᠲᠦ 2009 ᠣᠨ ᠤ 2 ᠳ᠋ᠤᠭᠠᠷ ᠰᠠᠷ᠎ᠠ ᠶᠢᠨ 13 ᠍ ᠤ ᠡᠳᠦᠷ ᠦᠨ ᠬᠠᠤᠯᠢ ᠪᠠᠷ ᠨᠡᠮᠡᠯᠲᠡ ᠣᠷᠣᠭᠤᠯᠤᠭᠰᠠᠨ/
/ᠡᠨᠡ ᠬᠡᠰᠡᠭ ᠲᠦ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
11.2.ᠪᠣᠯᠪᠠᠰᠤᠷᠠᠯ ᠤᠨ ᠰᠲ᠋ᠠᠨᠳᠠᠷᠲ ᠨᠢ ᠪᠠᠭᠰᠢ ᠶᠢᠨ ᠮᠡᠷᠭᠡᠵᠢᠯ ᠦᠨ ᠲᠦᠪᠰᠢᠨ᠂ ᠰᠤᠷᠭᠠᠯᠲᠠ ᠶᠢᠨ ᠤᠷᠴᠢᠨ ᠳᠤ ᠲᠠᠯᠪᠢᠭᠳᠠᠬᠤ ᠦᠨᠳᠦᠰᠦᠨ ᠱᠠᠭᠠᠷᠳᠠᠯᠭ᠎ᠠ ᠶᠢ ᠲᠣᠳᠣᠷᠬᠠᠶᠢᠯᠠᠨ᠎ᠠ᠃
/ᠡᠨᠡ ᠬᠡᠰᠡᠭ ᠢ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠥᠭᠡᠷᠡᠴᠢᠯᠡᠨ ᠨᠠᠶᠢᠷᠠᠭᠤᠯᠤᠭᠰᠠᠨ/
/ᠡᠨᠡ ᠬᠡᠰᠡᠭ ᠲᠦ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
11.3.ᠰᠲ᠋ᠠᠨᠳᠠᠷᠲ ᠢ ᠠᠰᠠᠭᠤᠳᠠᠯ ᠡᠷᠬᠢᠯᠡᠭᠰᠡᠨ ᠲᠥᠷᠥ ᠶᠢᠨ ᠵᠠᠬᠢᠷᠭᠠᠨ ᠤ ᠲᠥᠪ ᠪᠠᠶᠢᠭᠤᠯᠤᠯᠭ᠎ᠠ ᠪᠣᠯᠪᠠᠰᠤᠷᠠᠭᠤᠯᠤᠨ᠂ ᠰᠲ᠋ᠠᠨᠳᠠᠷᠲᠴᠢᠯᠠᠯ᠂ ᠲᠣᠬᠢᠷᠠᠯ ᠤᠨ ᠦᠨᠡᠯᠡᠭᠡᠨ ᠦ ᠲᠤᠬᠠᠢ ᠬᠠᠤᠯᠢ ᠶᠢᠨ 6.5 ᠍ ᠳᠦ ᠵᠢᠭᠠᠭᠰᠠᠨ ᠤ ᠳᠠᠭᠠᠤ ᠪᠠᠲᠤᠯᠠᠭᠤᠯᠵᠤ᠂ ᠤᠯᠤᠰ ᠤᠨ ᠪᠦᠷᠢᠳᠬᠡᠯ ᠳᠦ ᠪᠦᠷᠢᠳᠬᠡᠭᠦᠯᠦᠨ᠎ᠡ᠃
/ᠡᠨᠡ ᠬᠡᠰᠡᠭ ᠢ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠥᠭᠡᠷᠡᠴᠢᠯᠡᠨ ᠨᠠᠶᠢᠷᠠᠭᠤᠯᠤᠭᠰᠠᠨ/
/ᠡᠨᠡ ᠬᠡᠰᠡᠭ ᠲᠦ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
11.4.ᠰᠤᠷᠭᠠᠭᠤᠯᠢ ᠶᠢᠨ ᠡᠮᠦᠨᠡᠬᠢ ᠪᠣᠯᠤᠨ ᠪᠠᠭ᠎ᠠ᠂ ᠰᠠᠭᠤᠷᠢ᠂ ᠪᠦᠷᠢᠨ ᠳᠤᠮᠳᠠ ᠪᠣᠯᠪᠠᠰᠤᠷᠠᠯ ᠤᠨ ᠴᠥᠮ ᠬᠥᠲᠥᠯᠪᠦᠷᠢ ᠶᠢ ᠥᠮᠴᠢ ᠶᠢᠨ ᠪᠦᠬᠦ ᠬᠡᠯᠪᠡᠷᠢ ᠶᠢᠨ ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠳᠠᠭᠠᠵᠤ ᠮᠥᠷᠳᠡᠨ᠎ᠡ.᠃
/ᠡᠨᠡ ᠬᠡᠰᠡᠭ ᠢ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠨᠡᠮᠡᠭᠰᠡᠨ/
/ᠡᠨᠡ ᠬᠡᠰᠡᠭ ᠢ 2009 ᠣᠨ ᠤ 2 ᠳ᠋ᠤᠭᠠᠷ ᠰᠠᠷ᠎ᠠ ᠶᠢᠨ 13 ᠍ ᠤ ᠡᠳᠦᠷ ᠦᠨ ᠬᠠᠤᠯᠢ ᠪᠠᠷ ᠥᠭᠡᠷᠡᠴᠢᠯᠡᠨ ᠨᠠᠶᠢᠷᠠᠭᠤᠯᠤᠭᠰᠠᠨ/
/ᠡᠨᠡ ᠬᠡᠰᠡᠭ ᠢ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠥᠭᠡᠷᠡᠴᠢᠯᠡᠨ ᠨᠠᠶᠢᠷᠠᠭᠤᠯᠤᠭᠰᠠᠨ/
11.5.ᠰᠤᠷᠭᠠᠭᠤᠯᠢ ᠶᠢᠨ ᠡᠮᠦᠨᠡᠬᠢ ᠪᠣᠯᠤᠨ ᠪᠠᠭ᠎ᠠ᠂ ᠰᠠᠭᠤᠷᠢ᠂ ᠪᠦᠷᠢᠨ ᠳᠤᠮᠳᠠ ᠪᠣᠯᠪᠠᠰᠤᠷᠠᠯ ᠤᠨ ᠴᠥᠮ ᠬᠥᠲᠥᠯᠪᠦᠷᠢ ᠶᠢ ᠪᠣᠯᠪᠠᠰᠤᠷᠠᠯ ᠤᠨ ᠡᠷᠳᠡᠮ ᠰᠢᠨᠵᠢᠯᠡᠭᠡ᠂ ᠠᠷᠭ᠎ᠠ ᠵᠦᠢ ᠶᠢᠨ ᠪᠠᠶᠢᠭᠤᠯᠤᠯᠭ᠎ᠠ ᠪᠣᠯᠪᠠᠰᠤᠷᠠᠭᠤᠯᠵᠤ᠂ ᠪᠣᠯᠪᠠᠰᠤᠷᠠᠯ ᠤᠨ ᠠᠰᠠᠭᠤᠳᠠᠯ ᠡᠷᠬᠢᠯᠡᠭᠰᠡᠨ ᠲᠥᠷᠥ ᠶᠢᠨ ᠵᠠᠬᠢᠷᠭᠠᠨ ᠤ ᠲᠥᠪ ᠪᠠᠶᠢᠭᠤᠯᠤᠯᠭ᠎ᠠ ᠬᠢᠨᠠᠨ ᠪᠠᠲᠤᠯᠠᠨ᠎ᠠ.》
/ᠡᠨᠡ ᠬᠡᠰᠡᠭ ᠢ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠨᠡᠮᠡᠭᠰᠡᠨ/
ᠬᠡᠪᠯᠡᠬᠦ
ГУРАВДУГААР БҮЛЭГ
ᠪᠣᠯᠪᠠᠰᠤᠷᠠᠯ ᠤᠨ ᠪᠠᠶᠢᠭᠤᠯᠤᠯᠭ᠎ᠠ
12 ᠳ᠋ᠤᠭᠠᠷ ᠵᠦᠢᠯ᠃ ᠪᠣᠯᠪᠠᠰᠤᠷᠠᠯ ᠤᠨ ᠪᠠᠶᠢᠭᠤᠯᠤᠯᠭ᠎ᠠ
12.1.ᠪᠣᠯᠪᠠᠰᠤᠷᠠᠯ ᠤᠨ ᠵᠣᠷᠢᠯᠭ᠎ᠠ ᠶᠢ ᠬᠡᠷᠡᠭᠵᠢᠭᠦᠯᠬᠦ ᠦᠢᠯᠡ ᠠᠵᠢᠯᠯᠠᠭ᠎ᠠ ᠡᠷᠬᠢᠯᠡᠳᠡᠭ ᠬᠠᠤᠯᠢ ᠶᠢᠨ ᠡᠲᠡᠭᠡᠳ ᠢ ᠪᠣᠯᠪᠠᠰᠤᠷᠠᠯ ᠤᠨ ᠪᠠᠶᠢᠭᠤᠯᠤᠯᠭ᠎ᠠ ᠭᠡᠨ᠎ᠡ᠃
12.2.ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠠᠰᠢᠭ ᠤᠨ ᠲᠥᠯᠥᠭᠡ ᠪᠤᠰᠤ᠂ ᠡᠰᠡᠬᠦᠯ᠎ᠡ ᠠᠰᠢᠭ ᠤᠨ ᠲᠥᠯᠥᠭᠡ ᠪᠠᠶᠢᠵᠤ ᠪᠣᠯᠤᠨ᠎ᠠ᠂᠄
/ᠡᠨᠡ ᠬᠡᠰᠡᠭ ᠢ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠥᠭᠡᠷᠡᠴᠢᠯᠡᠨ ᠨᠠᠶᠢᠷᠠᠭᠤᠯᠤᠭᠰᠠᠨ/
12.2.1.ᠠᠰᠢᠭ ᠤᠨ ᠲᠥᠯᠥᠭᠡ ᠪᠤᠰᠤ;
12.2.2.ᠠᠰᠢᠭ ᠤᠨ ᠲᠥᠯᠥᠭᠡ᠃
/ᠡᠨᠡ ᠬᠡᠰᠡᠭ ᠢ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠥᠭᠡᠷᠡᠴᠢᠯᠡᠨ ᠨᠠᠶᠢᠷᠠᠭᠤᠯᠤᠭᠰᠠᠨ/
12.3.ᠲᠥᠷᠥ ᠶᠢᠨ ᠥᠮᠴᠢ ᠳᠦ ᠲᠦᠰᠢᠭᠯᠡᠨ ᠪᠠᠶᠢᠭᠤᠯᠬᠤ ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠠᠰᠢᠭ ᠤᠨ ᠲᠥᠯᠥᠭᠡ ᠪᠤᠰᠤ ᠪᠠᠶᠢᠨ᠎ᠠ᠃
/ᠡᠨᠡ ᠬᠡᠰᠡᠭ ᠢ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠨᠡᠮᠡᠭᠰᠡᠨ/
12.4.ᠲᠥᠷᠥ ᠶᠢᠨ ᠪᠤᠰᠤ ᠥᠮᠴᠢ ᠳᠦ ᠲᠦᠰᠢᠭᠯᠡᠨ ᠪᠠᠶᠢᠭᠤᠯᠬᠤ ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠠᠰᠢᠭ ᠤᠨ ᠲᠥᠯᠥᠭᠡ ᠪᠤᠰᠤ ᠪᠣᠯᠤᠨ ᠠᠰᠢᠭ ᠤᠨ ᠲᠥᠯᠥᠭᠡ ᠪᠠᠶᠢᠨ᠎ᠠ᠃
/ᠡᠨᠡ ᠬᠡᠰᠡᠭ ᠢ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠨᠡᠮᠡᠭᠰᠡᠨ/
12.5.ᠠᠰᠢᠭ ᠤᠨ ᠲᠥᠯᠥᠭᠡ ᠪᠤᠰᠤ ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠠᠰᠢᠭ ᠤᠨ ᠲᠥᠯᠥᠭᠡ ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠪᠠᠶᠢᠭᠤᠯᠬᠤ ᠶᠢ ᠬᠣᠷᠢᠭᠯᠠᠨ᠎ᠠ᠃
/ᠡᠨᠡ ᠬᠡᠰᠡᠭ ᠢ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠨᠡᠮᠡᠭᠰᠡᠨ/
ᠬᠡᠪᠯᠡᠬᠦ
13 ᠳ᠋ᠤᠭᠠᠷ ᠵᠦᠢᠯ᠃ ᠪᠣᠯᠪᠠᠰᠤᠷᠠᠯ ᠤᠨ ᠪᠠᠶᠢᠭᠤᠯᠤᠯᠭ᠎ᠠ ᠶᠢᠨ ᠲᠣᠭᠲᠠᠯᠴᠠᠭ᠎ᠠ
13.1.ᠪᠣᠯᠪᠠᠰᠤᠷᠠᠯ ᠤᠨ ᠪᠠᠶᠢᠭᠤᠯᠤᠯᠭ᠎ᠠ ᠶᠢᠨ ᠲᠣᠭᠲᠠᠯᠴᠠᠭ᠎ᠠ ᠨᠢ ᠰᠤᠷᠭᠠᠯᠲᠠ ᠶᠢᠨ᠂ ᠡᠷᠳᠡᠮ ᠰᠢᠨᠵᠢᠯᠡᠭᠡ᠂ ᠠᠷᠭ᠎ᠠ ᠵᠦᠢ ᠶᠢᠨ ᠪᠣᠯᠪᠠᠰᠤᠷᠠᠯ ᠤᠨ ᠦᠨᠡᠯᠡᠭᠡᠨ ᠦ᠂ ᠮᠡᠷᠭᠡᠵᠢᠯ ᠳᠡᠭᠡᠭᠰᠢᠯᠡᠭᠦᠯᠬᠦ ᠰᠤᠷᠭᠠᠯᠲᠠ ᠠᠷᠭ᠎ᠠ ᠵᠦᠢ ᠶᠢᠨ ᠪᠣᠯᠤᠨ ᠪᠤᠰᠤᠳ ᠪᠠᠶᠢᠭᠤᠯᠤᠯᠭ᠎ᠠ ᠠᠴᠠ ᠪᠥᠷᠢᠳᠦᠨ᠎ᠡ᠃
/ᠡᠨᠡ ᠬᠡᠰᠡᠭ ᠲᠦ 2012 ᠣᠨ ᠤ 5 ᠳ᠋ᠤᠭᠠᠷ ᠰᠠᠷ᠎ᠠ ᠶᠢᠨ 09 ᠍ ᠦ ᠡᠳᠦᠷ ᠦᠨ ᠬᠠᠤᠯᠢ ᠪᠠᠷ ᠨᠡᠮᠡᠯᠲᠡ ᠣᠷᠣᠭᠤᠯᠤᠭᠰᠠᠨ/
/ᠡᠨᠡ ᠬᠡᠰᠡᠭ ᠲᠦ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠨᠡᠮᠡᠯᠲᠡ ᠣᠷᠣᠭᠤᠯᠤᠭᠰᠠᠨ/
13.2.ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠨᠢ ᠥᠪᠡᠷ ᠦᠨ ᠦᠨᠳᠦᠰᠦᠨ ᠵᠣᠷᠢᠯᠭ᠎ᠠ ᠳᠤ ᠪᠠᠨ ᠨᠡᠶᠢᠴᠡᠭᠰᠡᠨ ᠰᠤᠳᠤᠯᠭ᠎ᠠ᠂ ᠲᠤᠷᠰᠢᠯᠲᠠ᠂ ᠮᠡᠷᠭᠡᠵᠢᠯ ᠦᠨ ᠰᠤᠷᠭᠠᠯᠲᠠ᠂ ᠦᠢᠯᠡᠳᠪᠦᠷᠢᠯᠡᠯ ᠶᠠᠪᠤᠭᠤᠯᠬᠤ ᠪᠣᠯᠤᠮᠵᠢ᠂ ᠨᠥᠬᠥᠴᠡᠯ ᠢ ᠪᠦᠷᠢᠳᠦᠭᠦᠯᠦᠭᠰᠡᠨ ᠪᠦᠲᠦᠴᠡ ᠪᠦᠬᠦᠢ ᠲᠥᠷᠥᠯ ᠪᠦᠷᠢ ᠶᠢᠨ ᠬᠡᠪ ᠰᠢᠨᠵᠢ ᠲᠡᠢ ᠪᠠᠶᠢᠵᠤ ᠪᠣᠯᠤᠨ᠎ᠠ᠃
/ᠡᠨᠡ ᠬᠡᠰᠡᠭ ᠢ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠨᠡᠮᠡᠭᠰᠡᠨ/
ᠬᠡᠪᠯᠡᠬᠦ
14 ᠳᠦᠭᠡᠷ ᠵᠦᠢᠯ᠃ ᠰᠤᠷᠭᠠᠭᠤᠯᠢ ᠶᠢᠨ ᠡᠮᠦᠨᠡᠬᠢ ᠪᠣᠯᠤᠨ ᠪᠠᠭ᠎ᠠ᠂ ᠳᠤᠮᠳᠠ ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ
14.1.ᠰᠤᠷᠭᠠᠭᠤᠯᠢ ᠶᠢᠨ ᠡᠮᠦᠨᠡᠬᠢ ᠪᠣᠯᠤᠨ ᠪᠠᠭ᠎ᠠ᠂ ᠳᠤᠮᠳᠠ ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠨᠢ ᠴᠡᠴᠡᠷᠯᠢᠭ᠂ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ᠂ ᠴᠡᠴᠡᠷᠯᠢᠭ ᠪᠠᠭ᠎ᠠ ᠰᠤᠷᠭᠠᠭᠤᠯᠢ ᠶᠢᠨ ᠴᠣᠭᠴᠠᠯᠠᠪᠤᠷᠢ ᠪᠠᠶᠢᠨ᠎ᠠ᠃
/ᠡᠨᠡ ᠬᠡᠰᠡᠭ ᠲᠦ 2009 ᠣᠨ ᠤ 2 ᠳ᠋ᠤᠭᠠᠷ ᠰᠠᠷ᠎ᠠ ᠶᠢᠨ 13 ᠍ ᠤ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
/ᠡᠨᠡ ᠬᠡᠰᠡᠭ ᠲᠦ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠨᠡᠮᠡᠯᠲᠡ ᠣᠷᠣᠭᠤᠯᠤᠭᠰᠠᠨ/
14.2.ᠪᠦᠷᠢᠨ ᠳᠤᠮᠳᠠ ᠪᠣᠯᠪᠠᠰᠤᠷᠠᠯ ᠣᠯᠭᠣᠬᠤ ᠰᠤᠷᠭᠠᠯᠲᠠ ᠶᠢ ᠮᠡᠷᠭᠡᠵᠢᠯ ᠦᠨ ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠡᠷᠬᠢᠯᠡᠵᠦ ᠪᠣᠯᠤᠨ᠎ᠠ᠃
/ᠡᠨᠡ ᠬᠡᠰᠡᠭ ᠢ 2009 ᠣᠨ ᠤ 2 ᠳ᠋ᠤᠭᠠᠷ ᠰᠠᠷ᠎ᠠ ᠶᠢᠨ 13 ᠍ ᠤ ᠡᠳᠦᠷ ᠦᠨ ᠬᠠᠤᠯᠢ ᠪᠠᠷ ᠨᠡᠮᠡᠭᠰᠡᠨ/
ᠬᠡᠪᠯᠡᠬᠦ
141 ᠳ᠋ᠦᠭ ᠢᠶᠡᠷ ᠵᠦᠢᠯ.ᠮᠡᠷᠭᠡᠵᠢᠯ ᠦᠨ ᠪᠣᠯᠪᠠᠰᠤᠷᠠᠯ᠂ ᠰᠤᠷᠭᠠᠯᠲᠠ ᠶᠢᠨ ᠪᠠᠶᠢᠭᠤᠯᠤᠯᠭ᠎ᠠ
141.1.ᠮᠡᠷᠭᠡᠵᠢᠯ ᠦᠨ ᠪᠣᠯᠪᠠᠰᠤᠷᠠᠯ᠂ ᠰᠤᠷᠭᠠᠯᠲᠠ ᠶᠢᠨ ᠪᠠᠶᠢᠭᠤᠯᠤᠯᠭ᠎ᠠ ᠨᠢ ᠫᠣᠯᠢᠲ᠋ᠧᠭᠨᠢᠭ ᠺᠣᠯᠯᠧᠵᠢ᠂ ᠮᠡᠷᠭᠡᠵᠢᠯ ᠦᠨ ᠰᠤᠷᠭᠠᠯᠲᠠ ᠦᠢᠯᠡᠳᠪᠦᠷᠢᠯᠡᠯ ᠦᠨ ᠲᠥᠪ ᠵᠡᠷᠭᠡ ᠬᠡᠪ ᠰᠢᠨᠵᠢ ᠲᠡᠢ ᠪᠠᠶᠢᠵᠤ ᠪᠣᠯᠤᠨ᠎ᠠ᠃
141.2.ᠫᠣᠯᠢᠲ᠋ᠧᠭᠨᠢᠭ ᠺᠣᠯᠯᠧᠵᠢ ᠨᠢ ᠲᠧᠭᠨᠢᠭ ᠦᠨ ᠪᠣᠯᠪᠠᠰᠤᠷᠠᠯ ᠤᠨ ᠰᠤᠷᠭᠠᠯᠲᠠ ᠡᠷᠬᠢᠯᠡᠳᠡᠭ ᠪᠠᠶᠢᠭᠤᠯᠤᠯᠭ᠎ᠠ ᠪᠠᠶᠢᠨ᠎ᠠ᠃
/ᠡᠨᠡ ᠵᠦᠢᠯ ᠢ 2009 ᠣᠨ ᠤ 2 ᠳ᠋ᠤᠭᠠᠷ ᠰᠠᠷ᠎ᠠ ᠶᠢᠨ 13 ᠍ ᠤ ᠡᠳᠦᠷ ᠦᠨ ᠬᠠᠤᠯᠢ ᠪᠠᠷ ᠨᠡᠮᠡᠭᠰᠡᠨ/
ᠬᠡᠪᠯᠡᠬᠦ
15 ᠳ᠋ᠤᠭᠠᠷ ᠵᠦᠢᠯ᠃ ᠳᠡᠭᠡᠳᠦ ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ
15.1.ᠳᠡᠭᠡᠳᠦ ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠨᠢ ᠶᠡᠬᠡ ᠰᠤᠷᠭᠠᠭᠤᠯᠢ᠂ ᠳᠡᠭᠡᠳᠦ ᠰᠤᠷᠭᠠᠭᠤᠯᠢ᠂ ᠺᠣᠯᠯᠧᠵᠢ ᠪᠠᠶᠢᠨ᠎ᠠ᠃ ᠶᠡᠬᠡ ᠰᠤᠷᠭᠠᠭᠤᠯᠢ ᠨᠢ ᠡᠷᠳᠡᠮ ᠰᠢᠨᠵᠢᠯᠡᠭᠡ ᠰᠤᠷᠭᠠᠯᠲᠠ ᠦᠢᠯᠡᠳᠪᠦᠷᠢᠯᠡᠯ ᠦᠨ ᠪᠤᠶᠤ ᠡᠷᠳᠡᠮ ᠰᠢᠨᠵᠢᠯᠡᠭᠡ ᠰᠤᠷᠭᠠᠯᠲᠠ ᠶᠢᠨ᠂ ᠳᠡᠭᠡᠳᠦ ᠰᠤᠷᠭᠠᠭᠤᠯᠢ ᠨᠢ ᠰᠤᠷᠭᠠᠯᠲᠠ ᠡᠷᠳᠡᠮ ᠰᠢᠨᠵᠢᠯᠡᠭᠡᠨ ᠦ᠂ ᠺᠣᠨᠰᠧᠷᠠᠸᠠᠲ᠋ᠣᠷᠢ /ᠬᠥᠭᠵᠢᠮ ᠦᠨ ᠳᠡᠭᠡᠳᠦ ᠪᠣᠯᠪᠠᠰᠤᠷᠠᠯ ᠤᠨ ᠪᠠᠶᠢᠭᠤᠯᠤᠯᠭ᠎ᠠ/᠂ ᠺᠣᠯᠯᠧᠵᠢ ᠨᠢ ᠰᠤᠷᠭᠠᠯᠲᠠ ᠶᠢᠨ ᠪᠤᠶᠤ ᠰᠤᠷᠭᠠᠯᠲᠠ ᠦᠢᠯᠡᠳᠪᠦᠷᠢᠯᠡᠯ ᠦᠨ ᠬᠡᠪ ᠰᠢᠨᠵᠢ ᠲᠡᠢ ᠪᠠᠶᠢᠨ᠎ᠠ᠃
/ᠡᠨᠡ ᠬᠡᠰᠡᠭ ᠲᠦ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠨᠡᠮᠡᠯᠲᠡ ᠣᠷᠣᠭᠤᠯᠤᠭᠰᠠᠨ/
ᠬᠡᠪᠯᠡᠬᠦ
16 ᠳ᠋ᠤᠭᠠᠷ ᠵᠦᠢᠯ᠃ ᠪᠣᠯᠪᠠᠰᠤᠷᠠᠯ ᠤᠨ ᠡᠷᠳᠡᠮ ᠰᠢᠨᠵᠢᠯᠡᠭᠡ᠂ ᠠᠷᠭ᠎ᠠ ᠵᠦᠢ ᠶᠢᠨ
ᠪᠠᠶᠢᠭᠤᠯᠤᠯᠭ᠎ᠠ
16.1.ᠪᠣᠯᠪᠠᠰᠤᠷᠠᠯ ᠤᠨ ᠡᠷᠳᠡᠮ ᠰᠢᠨᠵᠢᠯᠡᠭᠡ᠂ ᠠᠷᠭ᠎ᠠ ᠵᠦᠢ ᠶᠢᠨ ᠪᠠᠶᠢᠭᠤᠯᠤᠯᠭ᠎ᠠ ᠨᠢ ᠪᠣᠯᠪᠠᠰᠤᠷᠠᠯ ᠤᠨ ᠪᠣᠳᠣᠯᠭ᠎ᠠ᠂ ᠰᠢᠢᠳᠪᠦᠷᠢ ᠪᠣᠯᠪᠠᠰᠤᠷᠠᠭᠤᠯᠬᠤ ᠳᠤ ᠰᠤᠳᠤᠯᠭᠠᠨ ᠤ ᠮᠡᠳᠡᠭᠡᠯᠡᠯ ᠢᠶᠡᠷ ᠬᠠᠩᠭᠠᠬᠤ᠂ ᠰᠤᠷᠭᠠᠭᠤᠯᠢ ᠶᠢᠨ ᠡᠮᠦᠨᠡᠬᠢ ᠪᠣᠯᠤᠨ ᠪᠠᠭ᠎ᠠ᠂ ᠳᠤᠮᠳᠠ ᠪᠣᠯᠪᠠᠰᠤᠷᠠᠯ ᠤᠨ ᠠᠰᠠᠭᠤᠳᠠᠯ ᠢᠶᠠᠷ ᠪᠠᠶᠢᠩᠭᠤ ᠶᠢᠨ ᠰᠤᠳᠤᠯᠭ᠎ᠠ᠂ ᠰᠢᠨᠵᠢᠯᠡᠭᠡ᠂ ᠠᠷᠭ᠎ᠠ ᠵᠦᠢ᠂ ᠰᠤᠷᠭᠠᠯᠲᠠ ᠶᠢᠨ ᠠᠵᠢᠯ ᠢ ᠡᠷᠬᠢᠯᠡᠬᠦ᠂ ᠣᠷᠣᠨ ᠨᠤᠲᠤᠭ ᠤᠨ ᠪᠣᠯᠪᠠᠰᠤᠷᠠᠯ ᠤᠨ ᠪᠠᠶᠢᠭᠤᠯᠤᠯᠭ᠎ᠠ ᠶᠢ ᠮᠡᠷᠭᠡᠵᠢᠯ᠂ ᠠᠷᠭ᠎ᠠ ᠵᠦᠢ ᠶᠢᠨ ᠤᠳᠤᠷᠢᠳᠤᠯᠭ᠎ᠠ ᠪᠠᠷ ᠬᠠᠩᠭᠠᠬᠤ᠂ ᠪᠦᠬᠦ ᠱᠠᠲᠤᠨ ᠤ ᠪᠣᠯᠪᠠᠰᠤᠷᠠᠯ ᠤᠨ ᠪᠠᠶᠢᠭᠤᠯᠤᠯᠭ᠎ᠠ ᠳᠤ ᠰᠤᠷᠭᠠᠯᠲᠠ᠂ ᠰᠤᠳᠤᠯᠭ᠎ᠠ᠂ ᠠᠷᠭ᠎ᠠ ᠵᠦᠢ ᠶᠢᠨ ᠮᠡᠷᠭᠡᠵᠢᠯ ᠦᠨ ᠳᠡᠮᠵᠢᠯᠭᠡ ᠦᠵᠡᠭᠦᠯᠬᠦ᠂ ᠪᠣᠯᠪᠠᠰᠤᠷᠠᠯ ᠤᠨ ᠬᠥᠭᠵᠢᠯ ᠦᠨ ᠠᠰᠠᠭᠤᠳᠠᠯ ᠢᠶᠠᠷ ᠰᠢᠨᠵᠢᠯᠡᠬᠦ ᠤᠬᠠᠭᠠᠨ ᠤ ᠰᠠᠭᠤᠷᠢ ᠪᠣᠯᠤᠨ ᠬᠠᠪᠰᠤᠷᠭ᠎ᠠ ᠰᠤᠳᠤᠯᠭ᠎ᠠ ᠶᠠᠪᠤᠭᠤᠯᠬᠤ᠂ ᠢᠷᠭᠡᠳ᠂ ᠣᠯᠠᠨ ᠨᠡᠶᠢᠲᠡ ᠳᠦ ᠰᠤᠳᠤᠯᠭ᠎ᠠ᠂ ᠰᠢᠨᠵᠢᠯᠡᠭᠡᠨ ᠦ ᠮᠡᠳᠡᠭᠡᠯᠡᠯ ᠢᠶᠡᠷ ᠦᠢᠯᠡᠴᠢᠯᠡᠬᠦ ᠦᠢᠯᠡ ᠠᠵᠢᠯᠯᠠᠭ᠎ᠠ ᠶᠢ ᠡᠷᠬᠡᠯᠡᠨ᠎ᠡ᠃
/ᠡᠨᠡ ᠬᠡᠰᠡᠭ ᠢ 2012 ᠣᠨ ᠤ 5 ᠳ᠋ᠤᠭᠠᠷ ᠰᠠᠷ᠎ᠠ ᠶᠢᠨ 09 ᠍ ᠦ ᠡᠳᠦᠷ ᠦᠨ ᠬᠠᠤᠯᠢ ᠪᠠᠷ ᠥᠭᠡᠷᠡᠴᠢᠯᠡᠨ ᠨᠠᠶᠢᠷᠠᠭᠤᠯᠤᠭᠰᠠᠨ/
16.2᠃ ᠠᠶᠢᠮᠠᠭ᠂ ᠨᠡᠶᠢᠰᠯᠡᠯ ᠦᠨ ᠪᠣᠯᠪᠠᠰᠤᠷᠠᠯ ᠤᠨ ᠭᠠᠵᠠᠷ᠂ ᠨᠡᠶᠢᠰᠯᠡᠯ ᠦᠨ ᠳᠡᠭᠦᠷᠭᠡ ᠶᠢᠨ ᠪᠣᠯᠪᠠᠰᠤᠷᠠᠯ ᠤᠨ ᠬᠡᠯᠲᠡᠰ ᠨᠢ ᠲᠤᠬᠠᠢ ᠶᠢᠨ ᠨᠤᠲᠤᠭ ᠳᠡᠪᠢᠰᠬᠡᠷ ᠦᠨ ᠴᠡᠴᠡᠷᠯᠢᠭ᠂ ᠰᠤᠷᠭᠠᠭᠤᠯᠢ ᠳᠤ ᠤᠳᠤᠷᠢᠳᠤᠯᠭ᠎ᠠ ᠶᠢᠨ ᠪᠣᠯᠤᠨ ᠮᠡᠷᠭᠡᠵᠢᠯ ᠦᠨ ᠲᠤᠰᠠᠯᠠᠯᠴᠠᠭ᠎ᠠ ᠦᠵᠡᠭᠦᠯᠬᠦ᠂ ᠪᠣᠯᠪᠠᠰᠤᠷᠠᠯ ᠤᠨ ᠪᠠᠶᠢᠭᠤᠯᠤᠯᠭ᠎ᠠ ᠶᠢᠨ ᠤᠳᠤᠷᠢᠳᠬᠤ ᠠᠵᠢᠯᠲᠠᠨ᠂ ᠪᠠᠭᠰᠢ᠂ ᠢᠷᠭᠡᠨ ᠳᠦ ᠪᠣᠯᠪᠠᠰᠤᠷᠠᠯ᠂ ᠮᠡᠷᠭᠡᠵᠢᠯ ᠡᠵᠡᠮᠰᠢᠬᠦ᠂ ᠮᠡᠷᠭᠡᠰᠢᠯ ᠢᠶᠡᠨ ᠳᠡᠭᠡᠭᠰᠢᠯᠡᠭᠦᠯᠬᠦ ᠰᠤᠳᠤᠯᠭ᠎ᠠ᠂ ᠰᠢᠨᠵᠢᠯᠡᠭᠡ ᠡᠷᠬᠢᠯᠡᠬᠦ ᠳᠦ ᠨᠢ ᠲᠤᠰᠯᠠᠬᠤ ᠴᠢᠭ ᠡᠭᠦᠷᠭᠡ ᠶᠢ ᠬᠡᠷᠡᠭᠵᠢᠭᠦᠯᠦᠨ᠎ᠡ᠃
/ᠡᠨᠡ ᠬᠡᠰᠡᠭ ᠲᠦ 2003 ᠣᠨ ᠤ 1 ᠳᠦᠭᠡᠷ ᠰᠠᠷ᠎ᠠ ᠶᠢᠨ 3 ᠍ ᠤ ᠡᠳᠦᠷ ᠦᠨ ᠬᠠᠤᠯᠢ ᠪᠠᠷ ᠨᠡᠮᠡᠯᠲᠡ᠂ ᠥᠭᠡᠷᠡᠴᠢᠯᠡᠯᠲᠡ ᠣᠷᠣᠭᠤᠯᠤᠭᠰᠠᠨ/
ᠡᠨᠡ ᠬᠡᠰᠡᠭ ᠲᠦ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠨᠡᠮᠡᠯᠲᠡ᠂ ᠥᠭᠡᠷᠡᠴᠢᠯᠡᠯᠲᠡ ᠣᠷᠣᠭᠤᠯᠤᠭᠰᠠᠨ/
16.3᠃ ᠪᠣᠯᠪᠠᠰᠤᠷᠠᠯ ᠤᠨ ᠡᠷᠳᠡᠮ ᠰᠢᠨᠵᠢᠯᠡᠭᠡ᠂ ᠠᠷᠭ᠎ᠠ ᠵᠦᠢ ᠶᠢᠨ ᠪᠠᠶᠢᠭᠤᠯᠤᠯᠭ᠎ᠠ ᠨᠢ ᠲᠦᠰᠢᠴᠡ ᠴᠡᠴᠡᠷᠯᠢᠭ᠂ ᠰᠤᠷᠭᠠᠭᠤᠯᠢ ᠲᠠᠢ ᠪᠠᠶᠢᠵᠤ ᠪᠣᠯᠤᠨ᠎ᠠ᠃
/ᠡᠨᠡ ᠬᠡᠰᠡᠭ ᠲᠦ 2003 ᠣᠨ ᠤ 1 ᠳᠦᠭᠡᠷ ᠰᠠᠷ᠎ᠠ ᠶᠢᠨ 3 ᠍ ᠤ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
/ᠡᠨᠡ ᠬᠡᠰᠡᠭ ᠲᠦ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
16.4.ᠪᠣᠯᠪᠠᠰᠤᠷᠠᠯ ᠤᠨ ᠡᠷᠳᠡᠮ ᠰᠢᠨᠵᠢᠯᠡᠭᠡ᠂ ᠠᠷᠭ᠎ᠠ ᠵᠦᠢ ᠶᠢᠨ ᠪᠠᠶᠢᠭᠤᠯᠤᠯᠭ᠎ᠠ ᠶᠢᠨ ᠪᠦᠲᠦᠴᠡ᠂ ᠳᠦᠷᠢᠮ ᠪᠣᠯᠤᠨ ᠠᠶᠢᠮᠠᠭ᠂ ᠨᠡᠶᠢᠰᠯᠡᠯ ᠦᠨ ᠪᠣᠯᠪᠠᠰᠤᠷᠠᠯ ᠤᠨ ᠭᠠᠵᠠᠷ ᠤᠨ ᠠᠵᠢᠯᠯᠠᠬᠤ ᠵᠢᠷᠤᠮ ᠢ ᠪᠣᠯᠪᠠᠰᠤᠷᠠᠯ ᠤᠨ ᠠᠰᠠᠭᠤᠳᠠᠯ ᠡᠷᠬᠢᠯᠡᠭᠰᠡᠨ ᠲᠥᠷᠥ ᠶᠢᠨ ᠵᠠᠬᠢᠷᠭᠠᠨ ᠤ ᠲᠥᠪ ᠪᠠᠶᠢᠭᠤᠯᠤᠯᠭ᠎ᠠ ᠪᠠᠲᠤᠯᠠᠨ᠎ᠠ᠃
/ᠡᠨᠡ ᠬᠡᠰᠡᠭ ᠲᠦ 2003 ᠣᠨ ᠤ 1 ᠳᠦᠭᠡᠷ ᠰᠠᠷ᠎ᠠ ᠶᠢᠨ 3 ᠍ ᠤ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
/ᠡᠨᠡ ᠬᠡᠰᠡᠭ ᠲᠦ 2012 ᠣᠨ ᠤ 5 ᠳ᠋ᠤᠭᠠᠷ ᠰᠠᠷ᠎ᠠ ᠶᠢᠨ 09 ᠍ ᠦ ᠡᠳᠦᠷ ᠦᠨ ᠬᠠᠤᠯᠢ ᠪᠠᠷ ᠨᠡᠮᠡᠯᠲᠡ ᠣᠷᠣᠭᠤᠯᠤᠭᠰᠠᠨ/
/ᠡᠨᠡ ᠬᠡᠰᠡᠭ ᠢ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠥᠭᠡᠷᠡᠴᠢᠯᠡᠨ ᠨᠠᠶᠢᠷᠠᠭᠤᠯᠤᠭᠰᠠᠨ/
18 ᠳ᠋ᠤᠭᠠᠷ ᠵᠦᠢᠯ᠃ ᠰᠤᠷᠭᠠᠯᠲᠠ ᠶᠢᠨ ᠪᠤᠰᠤᠳ ᠪᠠᠶᠢᠭᠤᠯᠤᠯᠭ᠎ᠠ
18.1.ᠰᠤᠷᠭᠠᠭᠤᠯᠢ ᠠᠴᠠ ᠭᠠᠳᠠᠭᠤᠷᠬᠢ ᠰᠤᠷᠭᠠᠯᠲᠠ ᠶᠢᠨ ᠠᠵᠢᠯ ᠡᠷᠬᠢᠯᠡᠳᠡᠭ ᠠᠵᠤ ᠠᠬᠤᠢ ᠶᠢᠨ ᠨᠢᠭᠡᠴᠡ᠂ ᠪᠠᠶᠢᠭᠤᠯᠤᠯᠭ᠎ᠠ᠂ ᠢᠷᠭᠡᠨ ᠥᠪᠡᠷ ᠦᠨ ᠦᠢᠯᠡ ᠠᠵᠢᠯᠯᠠᠭᠠᠨ ᠤ ᠴᠢᠭᠯᠡᠯ ᠢᠶᠡᠷ ᠨᠡᠶᠢᠭᠡᠮ᠂ ᠡᠳ᠋ ᠍ ᠦᠨ ᠵᠠᠰᠠᠭ᠂ ᠰᠢᠨᠵᠢᠯᠡᠬᠦ ᠤᠬᠠᠭᠠᠨ᠂ ᠲᠧᠭᠨᠣᠯᠣᠭᠢ᠂ ᠬᠠᠤᠯᠢ ᠵᠦᠢ᠂ ᠪᠠᠶᠢᠭᠠᠯᠢ ᠣᠷᠴᠢᠨ᠂ ᠭᠣᠸ᠎ᠠ ᠵᠦᠢ᠂ ᠰᠤᠶᠤᠯ᠂ ᠤᠷᠠᠯᠢᠭ᠂ ᠰᠫᠣᠷᠲ᠂ ᠡᠷᠡᠭᠦᠯ ᠮᠡᠨᠳᠦ᠂ ᠭᠡᠷ ᠪᠦᠯᠢ ᠶᠢᠨ ᠪᠣᠯᠤᠨ ᠠᠬᠤᠢ ᠶᠢᠨ ᠬᠦᠷᠢᠶᠡᠨ ᠦ ᠠᠰᠠᠭᠤᠳᠠᠯ ᠢᠶᠠᠷ ᠲᠤᠰᠬᠠᠢ ᠬᠥᠲᠥᠯᠪᠦᠷᠢ ᠶᠢᠨ ᠳᠠᠭᠠᠤ ᠬᠡᠦᠬᠡᠳ᠂ ᠨᠠᠰᠤᠨ ᠳᠤ ᠬᠦᠷᠡᠭᠴᠢᠳ ᠲᠦ ᠪᠣᠯᠪᠠᠰᠤᠷᠠᠯ ᠡᠵᠡᠮᠰᠢᠭᠦᠯᠬᠦ᠂ ᠪᠣᠯᠪᠠᠰᠤᠷᠠᠯ᠂ ᠮᠡᠷᠭᠡᠰᠢᠯ ᠢᠶᠡᠨ ᠳᠡᠭᠡᠭᠰᠢᠯᠡᠭᠦᠯᠬᠦ ᠳᠦ ᠨᠢ ᠲᠤᠰᠠᠯᠠᠯᠴᠠᠭ᠎ᠠ᠂ ᠡᠳᠦᠷ ᠥᠨᠵᠢᠭᠦᠯᠬᠦ ᠦᠢᠯᠡᠴᠢᠯᠡᠭᠡ ᠦᠵᠡᠭᠦᠯᠵᠦ ᠪᠣᠯᠤᠨ᠎ᠠ᠃
/ᠡᠨᠡ ᠬᠡᠰᠡᠭ ᠲᠦ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠨᠡᠮᠡᠯᠲᠡ ᠣᠷᠣᠭᠤᠯᠤᠭᠰᠠᠨ/
18.2.ᠢᠷᠭᠡᠨ ᠳᠦ ᠦᠢᠯᠡᠳᠪᠦᠷᠢᠯᠡᠯ᠂ ᠦᠢᠯᠡᠴᠢᠯᠡᠭᠡ ᠡᠷᠬᠢᠯᠡᠬᠦ ᠳᠦ ᠵᠠᠶᠢᠯᠠᠰᠢ ᠦᠭᠡᠢ ᠱᠠᠭᠠᠷᠳᠠᠭᠳᠠᠬᠤ ᠮᠡᠷᠭᠡᠵᠢᠯ ᠡᠵᠡᠮᠰᠢᠭᠦᠯᠬᠦ᠂ ᠮᠡᠷᠭᠡᠰᠢᠯ ᠳᠡᠭᠡᠭᠰᠢᠯᠡᠭᠦᠯᠬᠦ ᠰᠤᠷᠭᠠᠯᠲᠠ ᠶᠢ ᠪᠦᠬᠦ ᠱᠠᠲᠤᠨ ᠤ ᠰᠤᠷᠭᠠᠭᠤᠯᠢ᠂ ᠪᠤᠰᠤᠳ ᠠᠵᠤ ᠠᠬᠤᠢ ᠶᠢᠨ ᠨᠢᠭᠡᠴᠡ᠂ ᠪᠠᠶᠢᠭᠤᠯᠤᠯᠭ᠎ᠠ᠂ ᠢᠷᠭᠡᠨ ᠡᠷᠬᠢᠯᠡᠵᠦ ᠪᠣᠯᠤᠨ᠎ᠠ᠃
18.3.ᠠᠵᠤ ᠠᠬᠤᠢ ᠶᠢᠨ ᠨᠢᠭᠡᠴᠡ᠂ ᠪᠠᠶᠢᠭᠤᠯᠤᠯᠭ᠎ᠠ ᠪᠣᠯᠪᠠᠰᠤᠷᠠᠯ ᠤᠨ ᠰᠤᠷᠭᠠᠯᠲᠠ ᠶᠢᠨ ᠪᠣᠯᠤᠨ ᠰᠤᠷᠭᠠᠯᠲᠠ ᠶᠢᠨ ᠪᠤᠰᠤᠳ ᠪᠠᠶᠢᠭᠤᠯᠤᠯᠭ᠎ᠠ ᠶᠢ ᠬᠠᠤᠯᠢ ᠲᠣᠭᠲᠠᠭᠠᠮᠵᠢ ᠳᠤ ᠵᠢᠭᠠᠭᠰᠠᠨ ᠤ ᠳᠠᠭᠠᠤ ᠪᠠᠶᠢᠭᠤᠯᠤᠨ ᠠᠵᠢᠯᠯᠠᠭᠤᠯᠵᠤ ᠪᠣᠯᠤᠨ᠎ᠠ᠃
/ᠡᠨᠡ ᠬᠡᠰᠡᠭ ᠢ 2016 ᠣᠨ ᠤ 04 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠥᠭᠡᠷᠡᠴᠢᠯᠡᠨ ᠨᠠᠶᠢᠷᠠᠭᠤᠯᠤᠭᠰᠠᠨ/
18.4.ᠱᠠᠰᠢᠨ ᠤ ᠰᠤᠷᠭᠠᠭᠤᠯᠢ ᠳᠤ ᠰᠤᠷᠤᠯᠴᠠᠭᠴᠢ ᠳᠤ ᠰᠠᠭᠤᠷᠢ ᠪᠣᠯᠪᠠᠰᠤᠷᠠᠯ ᠡᠵᠡᠮᠰᠢᠭᠦᠯᠬᠦ ᠬᠠᠷᠢᠯᠴᠠᠭ᠎ᠠ ᠶᠢ ᠡᠨᠡ ᠬᠠᠤᠯᠢ ᠪᠣᠯᠤᠨ ᠲᠥᠷᠥ᠂ ᠰᠦᠮ᠎ᠡ ᠬᠡᠶᠢᠳ ᠦᠨ ᠬᠠᠷᠢᠯᠴᠠᠭᠠᠨ ᠤ ᠲᠤᠬᠠᠢ ᠬᠠᠤᠯᠢ ᠪᠠᠷ ᠵᠣᠬᠢᠴᠠᠭᠤᠯᠤᠨ᠎ᠠ᠃
18.5.ᠡᠨᠡ ᠬᠠᠤᠯᠢ ᠶᠢᠨ 3.1.19 ᠍ ᠳᠦ ᠵᠢᠭᠠᠭᠰᠠᠨ ᠦᠢᠯᠡᠴᠢᠯᠡᠭᠡ ᠡᠷᠬᠢᠯᠡᠬᠦ ᠳᠦ ᠲᠠᠯᠪᠢᠬᠤ ᠨᠡᠶᠢᠲᠡᠯᠢᠭ ᠱᠠᠭᠠᠷᠳᠠᠯᠭ᠎ᠠ ᠶᠢ ᠪᠣᠯᠪᠠᠰᠤᠷᠠᠯ ᠤᠨ ᠠᠰᠠᠭᠤᠳᠠᠯ ᠡᠷᠬᠢᠯᠡᠭᠰᠡᠨ ᠲᠥᠷᠥ ᠶᠢᠨ ᠵᠠᠬᠢᠷᠭᠠᠨ ᠤ ᠲᠥᠪ ᠪᠠᠶᠢᠭᠤᠯᠤᠯᠭ᠎ᠠ ᠪᠠᠲᠤᠯᠠᠨ᠎ᠠ
/ᠡᠨᠡ ᠬᠡᠰᠡᠭ ᠢ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠨᠡᠮᠡᠭᠰᠡᠨ/
ᠬᠡᠪᠯᠡᠬᠦ
19 ᠳ᠋ᠦᠭ ᠢᠶᠡᠷ ᠵᠦᠢᠯ᠃ ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠪᠠᠶᠢᠭᠤᠯᠬᠤ
19.1.ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠶᠢ ᠵᠣᠷᠢᠭᠤᠯᠤᠯᠲᠠ ᠶᠢᠨ ᠪᠠᠷᠢᠯᠭ᠎ᠠ᠂ ᠪᠠᠶᠢᠭᠤᠯᠤᠮᠵᠢ᠂ ᠲᠧᠭᠨᠢᠭ ᠬᠡᠷᠡᠭᠰᠡᠯ᠂ ᠨᠣᠮ᠂ ᠰᠤᠷᠬᠤ ᠪᠢᠴᠢᠭ᠂ ᠪᠠᠭᠰᠢᠯᠠᠬᠤ ᠪᠣᠯᠪᠠᠰᠤᠨ ᠬᠦᠴᠦᠨ ᠢᠶᠡᠷ ᠬᠠᠩᠭᠠᠭᠳᠠᠭᠰᠠᠨ ᠨᠥᠬᠥᠴᠡᠯ ᠳᠦ ᠥᠮᠴᠢ ᠶᠢᠨ ᠠᠯᠢ ᠴᠤ ᠬᠡᠯᠪᠡᠷᠢ ᠳᠦ ᠦᠨᠳᠦᠰᠦᠯᠡᠨ ᠪᠠᠶᠢᠭᠤᠯᠵᠤ ᠪᠣᠯᠤᠨ᠎ᠠ᠃
19.2.ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠶᠢ ᠤᠯᠤᠰ ᠤᠨ ᠪᠦᠷᠢᠳᠬᠡᠯ ᠳᠦ ᠪᠦᠷᠢᠳᠬᠡᠭᠦᠯᠦᠭᠰᠡᠨ ᠡᠳᠦᠷ ᠡᠴᠡ ᠡᠬᠢᠯᠡᠨ ᠪᠠᠶᠢᠭᠤᠯᠤᠭᠳᠠᠭᠰᠠᠨ ᠳᠤ ᠲᠣᠭᠠᠴᠠᠨ᠎ᠠ᠃
/ᠡᠨᠡ ᠬᠡᠰᠡᠭ ᠲᠦ 2015 ᠣᠨ ᠤ 1 ᠳᠦᠭᠡᠷ ᠰᠠᠷ᠎ᠠ ᠶᠢᠨ 29 ᠍ ᠦ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
ᠬᠡᠪᠯᠡᠬᠦ
20 ᠳ᠋ᠤᠭᠠᠷ ᠵᠦᠢᠯ᠃ ᠲᠤᠰᠬᠠᠢ ᠵᠥᠪᠰᠢᠶᠡᠷᠡᠯ ᠣᠯᠭᠣᠬᠤ ᠪᠠᠶᠢᠭᠤᠯᠤᠯᠭ᠎ᠠ
20.1.ᠪᠣᠯᠪᠠᠰᠤᠷᠠᠯ ᠤᠨ ᠰᠤᠷᠭᠠᠯᠲᠠ ᠶᠢᠨ ᠦᠢᠯᠡ ᠠᠵᠢᠯᠯᠠᠭ᠎ᠠ ᠪᠠᠨ ᠡᠷᠬᠢᠯᠡᠬᠦ ᠲᠤᠰᠬᠠᠢ ᠵᠥᠪᠰᠢᠶᠡᠷᠡᠯ ᠢ ᠠᠵᠤ ᠠᠬᠤᠢ ᠶᠢᠨ ᠦᠢᠯᠡ ᠠᠵᠢᠯᠯᠠᠭᠠᠨ ᠤ ᠲᠤᠰᠬᠠᠢ ᠵᠥᠪᠰᠢᠶᠡᠷᠡᠯ ᠦᠨ ᠲᠤᠬᠠᠢ ᠬᠠᠤᠯᠢ ᠶᠢᠨ 15.7.1᠂ 15.7.2᠂ 15.7.4᠂ 15.7.8᠂ 15.7.9᠂ 16.2.4᠂ 16.3.3 ᠍ ᠳᠦ ᠵᠢᠭᠠᠭᠰᠠᠨ ᠤ ᠳᠠᠭᠠᠤ ᠶᠡᠬᠡ ᠰᠤᠷᠭᠠᠭᠤᠯᠢ᠂ ᠳᠡᠭᠡᠳᠦ ᠰᠤᠷᠭᠠᠭᠤᠯᠢ᠂ ᠺᠣᠯᠯᠧᠵᠢ ᠳᠤ᠂ ᠪᠣᠯᠪᠠᠰᠤᠷᠠᠯ ᠤᠨ ᠠᠰᠠᠭᠤᠳᠠᠯ ᠡᠷᠬᠢᠯᠡᠭᠰᠡᠨ ᠲᠥᠷᠥ ᠶᠢᠨ ᠵᠠᠬᠢᠷᠭᠠᠨ ᠤ ᠲᠥᠪ ᠪᠠᠶᠢᠭᠤᠯᠤᠯᠭ᠎ᠠ᠂ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ᠂ ᠴᠡᠴᠡᠷᠯᠢᠭ ᠲᠦ ᠠᠶᠢᠮᠠᠭ᠂ ᠨᠡᠶᠢᠰᠯᠡᠯ ᠦᠨ ᠪᠣᠯᠪᠠᠰᠤᠷᠠᠯ ᠤᠨ ᠭᠠᠵᠠᠷ ᠤᠨ ᠳ᠋ᠦᠩᠨᠡᠯᠲᠡ ᠶᠢ ᠦᠨᠳᠦᠰᠦᠯᠡᠨ ᠠᠶᠢᠮᠠᠭ᠂ ᠨᠡᠶᠢᠰᠯᠡᠯ ᠦᠨ ᠵᠠᠰᠠᠭ ᠳᠠᠷᠤᠭ᠎ᠠ ᠲᠤᠰ ᠲᠤᠰ ᠣᠯᠭᠤᠨ᠎ᠠ᠃
/ᠡᠨᠡ ᠬᠡᠰᠡᠭ ᠲᠦ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
/ᠡᠨᠡ ᠬᠡᠰᠡᠭ ᠲᠦ 2011 ᠣᠨ ᠤ 1 ᠳᠦᠭᠡᠷ ᠰᠠᠷ᠎ᠠ ᠶᠢᠨ 20 ᠍ ᠤ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
/ᠡᠨᠡ ᠬᠡᠰᠡᠭ ᠲᠦ 2012 ᠣᠨ ᠤ 5 ᠳ᠋ᠤᠭᠠᠷ ᠰᠠᠷ᠎ᠠ ᠶᠢᠨ 09 ᠍ ᠦ ᠡᠳᠦᠷ ᠦᠨ ᠬᠠᠤᠯᠢ ᠪᠠᠷ ᠨᠡᠮᠡᠯᠲᠡ ᠣᠷᠣᠭᠤᠯᠤᠭᠰᠠᠨ/
/ᠡᠨᠡ ᠬᠡᠰᠡᠭ ᠲᠦ 2012 ᠣᠨ ᠤ 12 ᠳ᠋ᠤᠭᠠᠷ ᠰᠠᠷ᠎ᠠ ᠶᠢᠨ 21 ᠍ ᠦ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
/ᠡᠨᠡ ᠬᠡᠰᠡᠭ ᠲᠦ 2015 ᠣᠨ ᠤ 1 ᠳᠦᠭᠡᠷ ᠰᠠᠷ᠎ᠠ ᠶᠢᠨ 29 ᠍ ᠦ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
20.2.ᠣᠯᠠᠨ ᠤᠯᠤᠰ ᠤᠨ ᠬᠥᠲᠥᠯᠪᠦᠷᠢ ᠶᠢᠨ ᠰᠤᠷᠭᠠᠯᠲᠠ ᠲᠠᠢ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ᠂ ᠶᠡᠷᠦᠩᠬᠡᠢ ᠪᠣᠯᠪᠠᠰᠤᠷᠠᠯ ᠤᠨ ᠯᠠᠪᠤᠷᠠᠲ᠋ᠣᠷᠢ ᠰᠤᠷᠭᠠᠭᠤᠯᠢ᠂ ᠶᠡᠬᠡ ᠰᠤᠷᠭᠠᠭᠤᠯᠢ᠂ ᠳᠡᠭᠡᠳᠦ ᠰᠤᠷᠭᠠᠭᠤᠯᠢ ᠶᠢᠨ ᠬᠠᠷᠢᠶ᠎ᠠ ᠶᠡᠷᠦᠩᠬᠡᠢ ᠪᠣᠯᠪᠠᠰᠤᠷᠠᠯ ᠤᠨ ᠠᠬᠠᠯᠠᠬᠤ ᠰᠤᠷᠭᠠᠭᠤᠯᠢ᠂ ᠵᠠᠰᠠᠭ ᠤᠨ ᠭᠠᠵᠠᠷ ᠬᠣᠭᠣᠷᠣᠨᠳᠣ ᠶᠢᠨ ᠬᠡᠯᠡᠯᠴᠡᠭᠡᠷ ᠦᠨ ᠳᠠᠭᠠᠤ ᠪᠠᠶᠢᠭᠤᠯᠬᠤ ᠬᠠᠮᠲᠤᠷᠠᠭᠰᠠᠨ ᠰᠤᠷᠭᠠᠭᠤᠯᠢ ᠪᠣᠯᠤᠨ ᠭᠠᠳᠠᠭᠠᠳᠤ ᠶᠢᠨ ᠬᠥᠷᠥᠩᠭᠡ ᠣᠷᠣᠭᠤᠯᠤᠯᠲᠠ ᠲᠠᠢ ᠴᠡᠴᠡᠷᠯᠢᠭ᠂ ᠰᠤᠷᠭᠠᠭᠤᠯᠢ ᠪᠠᠶᠢᠭᠤᠯᠬᠤ ᠲᠤᠰᠬᠠᠢ ᠵᠥᠪᠰᠢᠶᠡᠷᠡᠯ ᠢ ᠪᠣᠯᠪᠠᠰᠤᠷᠠᠯ ᠤᠨ ᠠᠰᠠᠭᠤᠳᠠᠯ ᠡᠷᠬᠢᠯᠡᠭᠰᠡᠨ ᠲᠥᠷᠥ ᠶᠢᠨ ᠵᠠᠬᠢᠷᠭᠠᠨ ᠤ ᠲᠥᠪ ᠪᠠᠶᠢᠭᠤᠯᠤᠯᠭ᠎ᠠ ᠣᠯᠭᠤᠨ᠎ᠠ᠃
/ᠡᠨᠡ ᠬᠡᠰᠡᠭ ᠢ 2012 ᠣᠨ ᠤ 5 ᠳ᠋ᠤᠭᠠᠷ ᠰᠠᠷ᠎ᠠ ᠶᠢᠨ 09 ᠍ ᠦ ᠡᠳᠦᠷ ᠦᠨ ᠬᠠᠤᠯᠢ ᠪᠠᠷ ᠨᠡᠮᠡᠭᠰᠡᠨ/
/ᠡᠨᠡ ᠬᠡᠰᠡᠭ ᠲᠦ 2015 ᠣᠨ ᠤ 1 ᠳᠦᠭᠡᠷ ᠰᠠᠷ᠎ᠠ ᠶᠢᠨ 29 ᠍ ᠦ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
/ᠡᠨᠡ ᠬᠡᠰᠡᠭ ᠢ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠥᠭᠡᠷᠡᠴᠢᠯᠡᠨ ᠨᠠᠶᠢᠷᠠᠭᠤᠯᠤᠭᠰᠠᠨ/
ᠬᠡᠪᠯᠡᠬᠦ
21 ᠳ᠋ᠦᠭ ᠢᠶᠡᠷ ᠵᠦᠢᠯ᠃ ᠲᠤᠰᠬᠠᠢ ᠵᠥᠪᠰᠢᠶᠡᠷᠡᠯ ᠠᠪᠬᠤ ᠳᠤ ᠪᠦᠷᠢᠳᠦᠭᠦᠯᠬᠦ ᠪᠠᠷᠢᠮᠲᠠ ᠪᠢᠴᠢᠭ
21.1.ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠶᠢ ᠡᠭᠦᠰᠬᠡᠨ ᠪᠠᠶᠢᠭᠤᠯᠤᠭᠴᠢ ᠨᠢ ᠲᠤᠰᠬᠠᠢ ᠵᠥᠪᠰᠢᠶᠡᠷᠡᠯ ᠠᠪᠬᠤ ᠳᠤ ᠪᠠᠨ ᠠᠵᠤ ᠠᠬᠤᠢ ᠶᠢᠨ ᠦᠢᠯᠡ ᠠᠵᠢᠯᠯᠠᠭᠠᠨ ᠤ ᠲᠤᠰᠬᠠᠢ ᠵᠥᠪᠰᠢᠶᠡᠷᠡᠯ ᠦᠨ ᠲᠤᠬᠠᠢ ᠬᠠᠤᠯᠢ ᠶᠢᠨ 11 ᠳᠦᠭᠡᠷ ᠵᠦᠢᠯ ᠳᠦ ᠵᠢᠭᠠᠭᠰᠠᠨ ᠠᠴᠠ ᠭᠠᠳᠠᠨ᠎ᠠ ᠳᠠᠷᠠᠭᠠᠬᠢ ᠪᠠᠷᠢᠮᠲᠠ ᠪᠢᠴᠢᠭ ᠢ ᠰᠤᠷᠭᠠᠯᠲᠠ ᠶᠢᠨ ᠦᠢᠯᠡ ᠠᠵᠢᠯᠯᠠᠭ᠎ᠠ ᠪᠠᠨ ᠡᠬᠢᠯᠡᠬᠦ ᠡᠴᠡ ᠵᠢᠷᠭᠤᠭ᠎ᠠ ᠠᠴᠠ ᠳᠣᠭᠣᠭᠰᠢ ᠦᠭᠡᠢ ᠰᠠᠷ᠎ᠠ ᠶᠢᠨ ᠡᠮᠦᠨ᠎ᠡ ᠲᠤᠰᠬᠠᠢ ᠵᠥᠪᠰᠢᠶᠡᠷᠡᠯ ᠣᠯᠭᠣᠬᠤ ᠪᠠᠶᠢᠭᠤᠯᠤᠯᠭ᠎ᠠ ᠳᠤ ᠢᠷᠡᠭᠦᠯᠦᠨ᠎ᠡ᠄
21.1.1.ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠪᠠᠶᠢᠭᠤᠯᠬᠤ ᠲᠤᠬᠠᠢ ᠡᠷᠬᠡ ᠪᠦᠬᠦᠢ ᠪᠠᠶᠢᠭᠤᠯᠤᠯᠭ᠎ᠠ ᠶᠢᠨ ᠰᠢᠢᠳᠪᠦᠷᠢ᠂ ᠡᠷᠭᠦᠳᠡᠯ᠂ ᠳᠦᠷᠢᠮ᠂ ᠡᠭᠦᠰᠬᠡᠨ ᠪᠠᠶᠢᠭᠤᠯᠬᠤ ᠲᠤᠬᠠᠢ ᠭᠡᠷ᠎ᠡ ᠶᠢᠨ ᠠᠯᠢ ᠨᠢᠭᠡ;
/ᠡᠨᠡ ᠵᠢᠭᠠᠯᠲᠠ ᠳᠤ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠨᠡᠮᠡᠯᠲᠡ ᠣᠷᠣᠭᠤᠯᠤᠭᠰᠠᠨ/
21.1.2.ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠪᠠᠶᠢᠭᠤᠯᠬᠤ ᠦᠨᠳᠦᠰᠦᠯᠡᠯ᠂ ᠲᠣᠭᠠᠴᠠᠭ᠎ᠠ ᠪᠦᠬᠦᠢ ᠲᠠᠨᠢᠯᠴᠠᠭᠤᠯᠭ᠎ᠠ;
21.1.ᠽ.ᠰᠤᠷᠭᠠᠯᠲᠠ ᠶᠢᠨ ᠲᠥᠯᠥᠪᠯᠡᠭᠡ;
21.1.4.ᠪᠠᠭᠰᠢᠯᠠᠬᠤ ᠪᠣᠯᠪᠠᠰᠤᠨ ᠬᠦᠴᠦᠨ ᠦ ᠬᠠᠩᠭᠠᠮᠵᠢ᠂ ᠪᠦᠷᠢᠯᠳᠦᠬᠦᠨ᠂ ᠪᠣᠯᠪᠠᠰᠤᠷᠠᠯ ᠤᠨ ᠲᠦᠪᠰᠢᠨ᠂ ᠵᠡᠷᠭᠡ᠂ ᠴᠣᠯᠠᠨ ᠤ ᠰᠤᠳᠤᠯᠭ᠎ᠠ;
21.1.5.ᠰᠤᠷᠭᠠᠯᠲᠠ ᠶᠠᠪᠤᠭᠤᠯᠬᠤ ᠪᠠᠷᠢᠯᠭ᠎ᠠ ᠪᠠᠶᠢᠭᠤᠯᠤᠮᠵᠢ᠂ ᠲᠧᠭᠨᠢᠭ ᠬᠡᠷᠡᠭᠰᠡᠯ᠂ ᠨᠣᠮ᠂ ᠰᠤᠷᠬᠤ ᠪᠢᠴᠢᠭ ᠵᠡᠷᠭᠡ ᠰᠤᠷᠭᠠᠯᠲᠠ ᠶᠢᠨ ᠬᠡᠷᠡᠭᠯᠡᠭᠳᠡᠬᠦᠨ ᠦ ᠪᠠᠲᠤᠯᠠᠭ᠎ᠠ;
21.1.6.ᠰᠠᠩᠬᠦᠦ ᠶᠢᠨ ᠡᠬᠢ ᠡᠭᠦᠰᠪᠦᠷᠢ᠂ ᠬᠦᠴᠦᠨ ᠴᠢᠳᠠᠯ᠂ ᠲᠡᠭᠦᠨ ᠦ ᠪᠠᠲᠤᠯᠠᠭ᠎ᠠ;
21.1.7.ᠡᠭᠦᠰᠬᠡᠨ ᠪᠠᠶᠢᠭᠤᠯᠤᠭᠴᠢ ᠠᠴᠠ ᠰᠤᠷᠭᠠᠯᠲᠠ ᠶᠢᠨ ᠪᠠᠶᠢᠭᠤᠯᠤᠯᠭ᠎ᠠ ᠶᠢᠨ ᠮᠡᠳᠡᠯ ᠳᠦ ᠰᠢᠯᠵᠢᠭᠦᠯᠬᠦ ᠬᠥᠷᠥᠩᠭᠡ /ᠪᠡᠶᠡᠲᠦ ᠪᠣᠯᠤᠨ ᠮᠥᠩᠭᠥᠨ/ ᠍ ᠦᠨ ᠵᠢᠭᠰᠠᠭᠠᠯᠲᠠ᠂ ᠬᠡᠮᠵᠢᠶ᠎ᠡ᠂ ᠪᠠᠲᠤᠯᠠᠭ᠎ᠠ;
21.1.8. ᠪᠠᠶᠢᠭᠤᠯᠤᠯᠭ᠎ᠠ ᠶᠢᠨ ᠡᠵᠡᠮᠰᠢᠯ ᠭᠠᠵᠠᠷ ᠤᠨ ᠵᠥᠪᠰᠢᠶᠡᠷᠡᠯ᠃
21.2.ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠰᠢᠨ᠎ᠡ ᠮᠡᠷᠭᠡᠵᠢᠯ ᠢᠶᠡᠷ ᠰᠤᠷᠭᠠᠯᠲᠠ ᠶᠠᠪᠤᠭᠤᠯᠬᠤ᠂ ᠮᠠᠭᠢᠰᠲ᠋ᠷ᠂ ᠳ᠋ᠣᠺᠲ᠋ᠣᠷ ᠤᠨ ᠵᠡᠷᠭᠡ ᠣᠯᠭᠣᠬᠤ ᠰᠤᠷᠭᠠᠯᠲᠠ ᠡᠷᠬᠢᠯᠡᠬᠦ ᠲᠤᠰᠬᠠᠢ ᠵᠥᠪᠰᠢᠶᠡᠷᠡᠯ ᠠᠪᠬᠤ ᠳᠤ ᠪᠠᠨ ᠠᠵᠤ ᠠᠬᠤᠢ ᠶᠢᠨ ᠦᠢᠯᠡ ᠠᠵᠢᠯᠯᠠᠭᠠᠨ ᠤ ᠲᠤᠰᠬᠠᠢ ᠵᠥᠪᠰᠢᠶᠡᠷᠡᠯ ᠦᠨ ᠲᠤᠬᠠᠢ ᠬᠠᠤᠯᠢ ᠶᠢᠨ 11 ᠳᠦᠭᠡᠷ ᠵᠦᠢᠯ ᠳᠦ ᠵᠢᠭᠠᠭᠰᠠᠨ ᠪᠠᠷᠢᠮᠲᠠ ᠪᠢᠴᠢᠭ ᠡᠴᠡ ᠭᠠᠳᠠᠨ᠎ᠠ ᠡᠨᠡ ᠬᠠᠤᠯᠢ ᠶᠢᠨ 21.1.3 – 21.1.7 ᠍ ᠳᠦ ᠳᠤᠷᠠᠳᠤᠭᠰᠠᠨ ᠪᠠᠷᠢᠮᠲᠠ ᠪᠢᠴᠢᠭ᠂ ᠰᠤᠷᠭᠠᠯᠲᠠ ᠡᠷᠬᠢᠯᠡᠬᠦ ᠲᠤᠰᠬᠠᠢ ᠵᠥᠪᠰᠢᠶᠡᠷᠡᠯ ᠬᠦᠰᠡᠭᠰᠡᠨ ᠡᠷᠭᠦᠳᠡᠯ᠂ ᠰᠤᠷᠭᠠᠯᠲᠠ ᠶᠠᠪᠤᠭᠤᠯᠬᠤ ᠦᠨᠳᠦᠰᠦᠯᠡᠯ᠂ ᠲᠣᠭᠠᠴᠠᠭ᠎ᠠ ᠶᠢ ᠰᠤᠷᠭᠠᠯᠲᠠ ᠶᠢᠨ ᠦᠢᠯᠡ ᠠᠵᠢᠯᠯᠠᠭ᠎ᠠ ᠪᠠᠨ ᠡᠬᠢᠯᠡᠬᠦ ᠡᠴᠡ ᠲᠠᠪᠤ ᠠᠴᠠ ᠳᠣᠭᠣᠭᠰᠢ ᠦᠭᠡᠢ ᠰᠠᠷ᠎ᠠ ᠶᠢᠨ ᠡᠮᠦᠨ᠎ᠡ ᠲᠤᠰᠬᠠᠢ ᠵᠥᠪᠰᠢᠶᠡᠷᠡᠯ ᠣᠯᠭᠣᠬᠤ ᠪᠠᠶᠢᠭᠤᠯᠤᠯᠭ᠎ᠠ ᠳᠤ ᠢᠷᠡᠭᠦᠯᠦᠨ᠎ᠡ᠃
21.3./ᠡᠨᠡ ᠬᠡᠰᠡᠭ ᠢ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠬᠦᠴᠦᠨ ᠭᠦᠢ ᠪᠣᠯᠤᠭᠰᠠᠨ ᠳᠤ ᠲᠣᠭᠠᠴᠠᠭᠰᠠᠨ/
21.4.ᠡᠨᠡ ᠬᠠᠤᠯᠢ ᠶᠢᠨ 21.1.1-21.1.7 ᠍ ᠳᠦ ᠵᠢᠭᠠᠭᠰᠠᠨ ᠪᠠᠷᠢᠮᠲᠠ ᠪᠢᠴᠢᠭ ᠲᠦ ᠲᠠᠯᠪᠢᠭᠳᠠᠬᠤ ᠱᠠᠭᠠᠷᠳᠠᠯᠭ᠎ᠠ᠂ ᠵᠠᠭᠪᠤᠷ ᠢ ᠪᠣᠯᠪᠠᠰᠤᠷᠠᠯ ᠤᠨ ᠠᠰᠠᠭᠤᠳᠠᠯ ᠡᠷᠬᠢᠯᠡᠭᠰᠡᠨ ᠵᠠᠰᠠᠭ ᠤᠨ ᠭᠠᠵᠠᠷ ᠤᠨ ᠭᠡᠰᠢᠭᠦᠨ ᠪᠠᠲᠤᠯᠠᠨ᠎ᠠ᠃
/ᠡᠨᠡ ᠬᠡᠰᠡᠭ ᠢ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠨᠡᠮᠡᠭᠰᠡᠨ/
21.5.ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠶᠢᠨ ᠦᠯᠢᠭᠡᠷᠴᠢᠯᠡᠭᠰᠡᠨ ᠳᠦᠷᠢᠮ ᠢ ᠪᠣᠯᠪᠠᠰᠤᠷᠠᠯ ᠤᠨ ᠠᠰᠠᠭᠤᠳᠠᠯ ᠡᠷᠬᠢᠯᠡᠭᠰᠡᠨ ᠵᠠᠰᠠᠭ ᠤᠨ ᠭᠠᠵᠠᠷ ᠤᠨ ᠭᠡᠰᠢᠭᠦᠨ ᠪᠠᠲᠤᠯᠠᠨ᠎ᠠ᠃
/ᠡᠨᠡ ᠬᠡᠰᠡᠭ ᠢ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠨᠡᠮᠡᠭᠰᠡᠨ/
21.6.ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠰᠢᠨ᠎ᠡ ᠬᠥᠲᠥᠯᠪᠦᠷᠢ ᠪᠡᠷ ᠰᠤᠷᠭᠠᠯᠲᠠ ᠡᠷᠬᠢᠯᠡᠬᠦ ᠶᠢᠨ ᠡᠮᠦᠨ᠎ᠡ ᠪᠣᠯᠪᠠᠰᠤᠷᠠᠯ ᠤᠨ ᠮᠠᠭᠠᠳᠯᠠᠨ ᠢᠲᠡᠭᠡᠮᠵᠢᠯᠡᠬᠦ ᠪᠠᠶᠢᠭᠤᠯᠤᠯᠭ᠎ᠠ ᠪᠠᠷ ᠤᠷᠢᠳᠴᠢᠯᠠᠭᠰᠠᠨ ᠮᠠᠭᠠᠳᠯᠠᠨ ᠢᠲᠡᠭᠡᠮᠵᠢᠯᠡᠯ ᠬᠢᠯᠭᠡᠨ᠎ᠡ
/ᠡᠨᠡ ᠬᠡᠰᠡᠭ ᠢ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠨᠡᠮᠡᠭᠰᠡᠨ/
ᠬᠡᠪᠯᠡᠬᠦ
22 ᠳ᠋ᠤᠭᠠᠷ ᠵᠦᠢᠯ᠃ ᠲᠤᠰᠬᠠᠢ ᠵᠥᠪᠰᠢᠶᠡᠷᠡᠯ ᠣᠯᠭᠣᠬᠤ᠂ ᠤᠯᠤᠰ ᠤᠨ ᠪᠦᠷᠢᠳᠬᠡᠯ ᠳᠦ ᠪᠦᠷᠢᠳᠬᠡᠬᠦ
/ᠡᠨᠡ ᠵᠦᠢᠯ ᠦᠨ ᠭᠠᠷᠴᠠᠭ ᠲᠤ 2016 ᠣᠨ ᠤ 4 ᠳᠡᠭᠡᠷ᠎ᠡ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
22.1.ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠶᠢ ᠤᠯᠤᠰ ᠤᠨ ᠪᠦᠷᠢᠳᠬᠡᠯ ᠳᠦ ᠪᠦᠷᠢᠳᠬᠡᠬᠦ ᠠᠰᠠᠭᠤᠳᠠᠯ ᠢ ᠬᠠᠤᠯᠢ ᠶᠢᠨ ᠡᠲᠡᠭᠡᠳ ᠦᠨ ᠤᠯᠤᠰ ᠤᠨ ᠪᠦᠷᠢᠳᠬᠡᠯ ᠦᠨ ᠲᠤᠬᠠᠢ ᠬᠠᠤᠯᠢ ᠳᠤ ᠵᠢᠭᠠᠭᠰᠠᠨ ᠵᠢᠷᠤᠮ ᠤᠨ ᠳᠠᠭᠠᠤ ᠰᠢᠢᠳᠪᠦᠷᠢᠯᠡᠨ᠎ᠡ᠃
/ᠡᠨᠡ ᠵᠦᠢᠯ ᠢ 2015 ᠣᠨ ᠤ 1 ᠳᠦᠭᠡᠷ ᠰᠠᠷ᠎ᠠ ᠶᠢᠨ 29 ᠍ ᠦ ᠡᠳᠦᠷ ᠦᠨ ᠬᠠᠤᠯᠢ ᠪᠠᠷ ᠥᠭᠡᠷᠡᠴᠢᠯᠡᠨ ᠨᠠᠶᠢᠷᠠᠭᠤᠯᠤᠭᠰᠠᠨ/
22.2.ᠪᠣᠯᠪᠠᠰᠤᠷᠠᠯ ᠤᠨ ᠰᠤᠷᠭᠠᠯᠲᠠ ᠶᠢᠨ ᠦᠢᠯᠡ ᠠᠵᠢᠯᠯᠠᠭ᠎ᠠ ᠪᠠᠨ ᠡᠷᠬᠢᠯᠡᠬᠦ ᠲᠤᠰᠬᠠᠢ ᠵᠥᠪᠰᠢᠶᠡᠷᠡᠯ ᠢ ᠳᠠᠷᠠᠭᠠᠬᠢ ᠵᠢᠷᠤᠮ ᠢᠶᠠᠷ ᠣᠯᠭᠤᠨ᠎ᠠ᠄
/ᠡᠨᠡ ᠬᠡᠰᠡᠭ ᠢ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠨᠡᠮᠡᠭᠰᠡᠨ/
22.2.1.ᠲᠤᠰᠬᠠᠢ ᠵᠥᠪᠰᠢᠶᠡᠷᠡᠯ ᠣᠯᠭᠣᠬᠤ ᠡᠷᠬᠡ ᠪᠦᠬᠦᠢ ᠪᠠᠶᠢᠭᠤᠯᠤᠯᠭ᠎ᠠ ᠡᠨᠡ ᠬᠠᠤᠯᠢ ᠶᠢᠨ 21.1 ᠍ ᠳᠦ ᠵᠢᠭᠠᠭᠰᠠᠨ ᠪᠠᠷᠢᠮᠲᠠ ᠪᠢᠴᠢᠭ ᠢ ᠡᠭᠦᠰᠬᠡᠨ ᠪᠠᠶᠢᠭᠤᠯᠤᠭᠴᠢ ᠠᠴᠠ ᠬᠦᠯᠢᠶᠡᠨ ᠠᠪᠤᠭᠰᠠᠨ ᠠᠴᠠ ᠬᠣᠶᠢᠰᠢ ᠠᠵᠢᠯ ᠤᠨ 21 ᠡᠳᠦᠷ ᠦᠨ ᠳᠣᠲᠣᠷ᠎ᠠ ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠪᠠᠶᠢᠭᠤᠯᠬᠤ ᠤᠷᠢᠳᠴᠢᠯᠠᠭᠰᠠᠨ ᠵᠥᠪᠰᠢᠶᠡᠷᠡᠯ ᠣᠯᠭᠣᠬᠤ ᠡᠰᠡᠬᠦ ᠶᠢ ᠰᠢᠢᠳᠪᠦᠷᠢᠯᠡᠬᠦ;
/ᠡᠨᠡ ᠵᠢᠭᠠᠯᠲᠠ ᠶᠢ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠨᠡᠮᠡᠭᠰᠡᠨ/
22.2.2.ᠤᠷᠢᠳᠴᠢᠯᠠᠭᠰᠠᠨ ᠵᠥᠪᠰᠢᠶᠡᠷᠡᠯ ᠣᠯᠭᠣᠬᠤ ᠲᠤᠬᠠᠢ ᠡᠷᠬᠡ ᠪᠦᠬᠦᠢ ᠪᠠᠶᠢᠭᠤᠯᠤᠯᠭ᠎ᠠ ᠶᠢᠨ ᠰᠢᠢᠳᠪᠦᠷᠢ ᠭᠠᠷᠤᠭᠰᠠᠨ ᠡᠳᠦᠷ ᠡᠴᠡ ᠡᠭᠦᠰᠬᠡᠨ ᠪᠠᠶᠢᠭᠤᠯᠤᠭᠴᠢ ᠲᠤᠰᠬᠠᠢ ᠵᠥᠪᠰᠢᠶᠡᠷᠡᠯ ᠦᠨ ᠱᠠᠭᠠᠷᠳᠠᠯᠭ᠎ᠠ ᠶᠢ ᠬᠠᠩᠭᠠᠬᠤ ᠲᠠᠯ᠎ᠠ ᠪᠠᠷ ᠰᠠᠨᠠᠯ ᠪᠣᠯᠭᠠᠭᠰᠠᠨ ᠨᠥᠬᠥᠴᠡᠯ ᠢ ᠬᠡᠷᠡᠭᠵᠢᠭᠦᠯᠬᠦ ᠠᠵᠢᠯ ᠢ ᠵᠣᠬᠢᠶᠠᠨ ᠪᠠᠶᠢᠭᠤᠯᠬᠤ;
/ᠡᠨᠡ ᠵᠢᠭᠠᠯᠲᠠ ᠶᠢ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠨᠡᠮᠡᠭᠰᠡᠨ/
22.2.3.ᠡᠭᠦᠰᠬᠡᠨ ᠪᠠᠶᠢᠭᠤᠯᠤᠭᠴᠢ ᠲᠤᠰᠬᠠᠢ ᠵᠥᠪᠰᠢᠶᠡᠷᠡᠯ ᠦᠨ ᠱᠠᠭᠠᠷᠳᠠᠯᠭ᠎ᠠ ᠶᠢ ᠪᠦᠷᠢᠨ ᠬᠠᠩᠭᠠᠭᠰᠠᠨ ᠤ ᠳᠠᠷᠠᠭ᠎ᠠ ᠬᠣᠯᠪᠣᠭᠳᠠᠬᠤ ᠪᠠᠷᠢᠮᠲᠠ ᠪᠢᠴᠢᠭ ᠢ ᠡᠷᠭᠦᠳᠡᠯ ᠦᠨ ᠬᠠᠮᠲᠤ ᠡᠷᠬᠡ ᠪᠦᠬᠦᠢ ᠪᠠᠶᠢᠭᠤᠯᠤᠯᠭ᠎ᠠ ᠳᠤ ᠢᠷᠡᠭᠦᠯᠬᠦ;
/ᠡᠨᠡ ᠵᠢᠭᠠᠯᠲᠠ ᠶᠢ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠨᠡᠮᠡᠭᠰᠡᠨ/
22.2.4.ᠲᠤᠰᠬᠠᠢ ᠵᠥᠪᠰᠢᠶᠡᠷᠡᠯ ᠣᠯᠭᠤᠬᠤ ᠶᠢ ᠬᠦᠰᠡᠭᠰᠡᠨ ᠡᠷᠭᠦᠳᠡᠯ ᠬᠦᠯᠢᠶᠡᠨ ᠠᠪᠤᠭᠰᠠᠨ ᠠᠴᠠ ᠬᠣᠶᠢᠰᠢ ᠠᠵᠢᠯ ᠤᠨ 15 ᠡᠳᠦᠷ ᠦᠨ ᠳᠣᠲᠣᠷ᠎ᠠ ᠡᠷᠬᠡ ᠪᠦᠬᠦᠢ ᠪᠠᠶᠢᠭᠤᠯᠤᠯᠭ᠎ᠠ ᠲᠥᠷᠥ ᠶᠢᠨ ᠵᠠᠬᠢᠷᠭᠠᠨ ᠤ ᠪᠣᠯᠤᠨ ᠪᠣᠯᠪᠠᠰᠤᠷᠠᠯ ᠤᠨ ᠪᠠᠶᠢᠭᠤᠯᠤᠯᠭ᠎ᠠ᠂ ᠬᠣᠯᠪᠣᠭᠳᠠᠬᠤ ᠮᠡᠷᠭᠡᠵᠢᠯ ᠦᠨ ᠪᠠᠶᠢᠭᠤᠯᠤᠯᠭ᠎ᠠ ᠶᠢᠨ ᠲᠥᠯᠥᠭᠡᠯᠡᠯ ᠪᠦᠬᠦᠢ ᠰᠢᠨᠵᠢᠭᠡᠴᠢ ᠶᠢᠨ ᠬᠡᠰᠡᠭ ᠲᠣᠮᠢᠯᠠᠵᠤ᠂ ᠮᠠᠭᠠᠳᠯᠠᠨ ᠰᠢᠨᠵᠢᠯᠡᠭᠡ ᠬᠢᠯᠭᠡᠬᠦ ᠪᠥᠭᠡᠳ ᠮᠠᠭᠠᠳᠯᠠᠨ ᠰᠢᠨᠵᠢᠯᠡᠭᠡ ᠬᠢᠯᠭᠡᠬᠦ ᠲᠡᠢ ᠬᠣᠯᠪᠣᠭᠳᠠᠭᠰᠠᠨ ᠵᠠᠷᠤᠳᠠᠯ ᠢ ᠡᠭᠦᠰᠬᠡᠨ ᠪᠠᠶᠢᠭᠤᠯᠤᠭᠴᠢ ᠬᠠᠷᠢᠭᠤᠴᠠᠬᠤ;
/ᠡᠨᠡ ᠵᠢᠭᠠᠯᠲᠠ ᠶᠢ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠨᠡᠮᠡᠭᠰᠡᠨ/
22.2.5.ᠰᠢᠨᠵᠢᠭᠡᠴᠢ ᠶᠢᠨ ᠬᠡᠰᠡᠭ ᠲᠣᠮᠢᠯᠠᠭᠳᠠᠭᠰᠠᠨ ᠠᠴᠠ ᠪᠠᠨ ᠬᠣᠶᠢᠰᠢ 30 ᠬᠣᠨᠣᠭ ᠲᠤ ᠪᠠᠭᠲᠠᠭᠠᠨ ᠪᠠᠷᠢᠮᠲᠠ ᠪᠢᠴᠢᠭ ᠲᠦ ᠮᠠᠭᠠᠳᠯᠠᠨ ᠰᠢᠨᠵᠢᠯᠡᠭᠡ ᠬᠢᠵᠦ᠂ ᠭᠠᠵᠠᠷ ᠳᠡᠭᠡᠷ᠎ᠡ ᠨᠢ ᠲᠠᠨᠢᠯᠴᠠᠨ ᠳ᠋ᠦᠩᠨᠡᠯᠲᠡ ᠭᠠᠷᠭᠠᠬᠤ;
/ᠡᠨᠡ ᠵᠢᠭᠠᠯᠲᠠ ᠶᠢ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠨᠡᠮᠡᠭᠰᠡᠨ/
22.2.6.ᠡᠨᠡ ᠬᠠᠤᠯᠢ ᠶᠢᠨ 20 ᠳ᠋ᠤᠭᠠᠷ ᠵᠦᠢᠯ ᠳᠦ ᠵᠢᠭᠠᠭᠰᠠᠨ ᠪᠠᠶᠢᠭᠤᠯᠤᠯᠭ᠎ᠠ ᠰᠢᠨᠵᠢᠭᠡᠴᠢ ᠶᠢᠨ ᠬᠡᠰᠡᠭ ᠦᠨ ᠳ᠋ᠦᠩᠨᠡᠯᠲᠡ ᠶᠢ ᠦᠨᠳᠦᠰᠦᠯᠡᠨ ᠲᠤᠰᠬᠠᠢ ᠵᠥᠪᠰᠢᠶᠡᠷᠡᠯ ᠣᠯᠭᠣᠬᠤ ᠡᠰᠡᠬᠦ ᠲᠠᠯ᠎ᠠ ᠪᠠᠷ ᠰᠢᠢᠳᠪᠦᠷᠢ ᠭᠠᠷᠭᠠᠵᠤ᠂ ᠡᠭᠦᠰᠬᠡᠨ ᠪᠠᠶᠢᠭᠤᠯᠤᠭᠴᠢᠳ ᠮᠡᠳᠡᠭᠳᠡᠬᠦ᠂ ᠲᠤᠰᠬᠠᠢ ᠵᠥᠪᠰᠢᠶᠡᠷᠡᠯ ᠢ ᠣᠯᠭᠣᠬᠤ᠃
/ᠡᠨᠡ ᠵᠢᠭᠠᠯᠲᠠ ᠶᠢ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠨᠡᠮᠡᠭᠰᠡᠨ/
22.3.ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠡᠭᠦᠰᠬᠡᠨ ᠪᠠᠶᠢᠭᠤᠯᠬᠤ ᠭᠡᠷ᠎ᠡ᠂ ᠳᠦᠷᠢᠮ ᠳᠦ ᠨᠡᠮᠡᠯᠲᠡ᠂ ᠥᠭᠡᠷᠡᠴᠢᠯᠡᠯᠲᠡ ᠣᠷᠣᠭᠤᠯᠤᠭᠰᠠᠨ᠂ ᠣᠷᠣᠰᠢᠨ ᠪᠠᠶᠢᠭ᠎ᠠ ᠭᠠᠵᠠᠷ ᠢᠶᠠᠨ ᠥᠭᠡᠷᠡᠴᠢᠯᠡᠭᠰᠡᠨ ᠪᠣᠯ ᠡᠨᠡ ᠲᠤᠬᠠᠢ ᠶᠢ ᠪᠠᠨ ᠤᠯᠤᠰ ᠤᠨ ᠪᠦᠷᠢᠳᠬᠡᠯ ᠦᠨ ᠪᠠᠶᠢᠭᠤᠯᠤᠯᠭ᠎ᠠ ᠳᠤ ᠠᠵᠢᠯ ᠤᠨ 15 ᠡᠳᠦᠷ ᠦᠨ ᠳᠣᠲᠣᠷ᠎ᠠ ᠪᠢᠴᠢᠭ ᠢᠶᠡᠷ ᠮᠡᠳᠡᠭᠳᠡᠵᠦ᠂ ᠤᠯᠤᠰ ᠤᠨ ᠪᠦᠷᠢᠳᠬᠡᠯ ᠳᠦ ᠥᠭᠡᠷᠡᠴᠢᠯᠡᠯᠲᠡ ᠣᠷᠣᠭᠤᠯᠤᠨ᠎ᠠ᠃
/ᠡᠨᠡ ᠬᠡᠰᠡᠭ ᠢ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠨᠡᠮᠡᠭᠰᠡᠨ/
22.4.ᠤᠯᠤᠰ ᠤᠨ ᠪᠦᠷᠢᠳᠬᠡᠯ ᠦᠨ ᠪᠠᠶᠢᠭᠤᠯᠤᠯᠭ᠎ᠠ ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠶᠢ ᠰᠤᠷᠭᠠᠯᠲᠠ ᠶᠢᠨ ᠦᠢᠯᠡ ᠠᠵᠢᠯᠯᠠᠭ᠎ᠠ ᠪᠠᠨ ᠡᠷᠬᠢᠯᠡᠬᠦ ᠲᠤᠰᠬᠠᠢ ᠵᠥᠪᠰᠢᠶᠡᠷᠡᠯ ᠳᠦ ᠦᠨᠳᠦᠰᠦᠯᠡᠨ ᠲᠥᠷᠥ ᠶᠢᠨ ᠥᠮᠴᠢ ᠶᠢᠨ᠂ ᠠᠰᠢᠭ ᠤᠨ ᠲᠥᠯᠥᠭᠡ ᠪᠤᠰᠤ᠂ ᠠᠰᠢᠭ ᠤᠨ ᠲᠥᠯᠥᠭᠡ ᠭᠡᠰᠡᠨ ᠠᠩᠭᠢᠯᠠᠯ ᠢᠶᠠᠷ᠂ ᠡᠨᠡ ᠬᠠᠤᠯᠢ ᠶᠢᠨ 14᠂ 141᠂ 15 ᠳ᠋ᠤᠭᠠᠷ ᠵᠦᠢᠯ ᠳᠦ ᠵᠢᠭᠠᠭᠰᠠᠨ ᠬᠡᠪ ᠰᠢᠨᠵᠢ ᠪᠡᠷ ᠨᠢ ᠨᠡᠷᠡᠯᠡᠵᠦ ᠪᠦᠷᠢᠳᠬᠡᠨ᠎ᠡ
/ᠡᠨᠡ ᠬᠡᠰᠡᠭ ᠢ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠨᠡᠮᠡᠭᠰᠡᠨ/
ᠬᠡᠪᠯᠡᠬᠦ
23 ᠳ᠋ᠤᠭᠠᠷ ᠵᠦᠢᠯ᠃ ᠲᠤᠰᠬᠠᠢ ᠵᠥᠪᠰᠢᠶᠡᠷᠡᠯ ᠦᠨ ᠬᠤᠭᠤᠴᠠᠭ᠎ᠠ᠂ ᠲᠡᠭᠦᠨ ᠢ ᠰᠤᠩᠭᠠᠬᠤ
23.1.ᠲᠤᠰᠬᠠᠢ ᠵᠥᠪᠰᠢᠶᠡᠷᠡᠯ ᠢ 5 ᠵᠢᠯ ᠡᠴᠡ ᠳᠣᠭᠣᠭᠰᠢ ᠦᠭᠡᠢ ᠬᠤᠭᠤᠴᠠᠭ᠎ᠠ ᠪᠠᠷ ᠣᠯᠭᠤᠨ᠎ᠠ᠃
/ᠡᠨᠡ ᠬᠡᠰᠡᠭ ᠢ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠥᠭᠡᠷᠡᠴᠢᠯᠡᠨ ᠨᠠᠶᠢᠷᠠᠭᠤᠯᠤᠭᠰᠠᠨ/
23.2.ᠲᠤᠰᠬᠠᠢ ᠵᠥᠪᠰᠢᠶᠡᠷᠡᠯ ᠦᠨ ᠬᠤᠭᠤᠴᠠᠭ᠎ᠠ ᠶᠢ ᠣᠨ᠂ ᠰᠠᠷ᠎ᠠ᠂ ᠡᠳᠦᠷ ᠢᠶᠡᠷ ᠲᠣᠳᠣᠷᠬᠠᠶᠢᠯᠠᠬᠤ ᠪᠥᠭᠡᠳ ᠲᠤᠬᠠᠢ ᠶᠢᠨ ᠰᠤᠷᠭᠠᠯᠲᠠ ᠶᠢᠨ ᠪᠠᠶᠢᠭᠤᠯᠤᠯᠭ᠎ᠠ ᠶᠢ ᠤᠯᠤᠰ ᠤᠨ ᠪᠦᠷᠢᠳᠬᠡᠯ ᠳᠦ ᠪᠦᠷᠢᠳᠬᠡᠭᠰᠡᠨ ᠡᠳᠦᠷ ᠡᠴᠡ ᠡᠬᠢᠯᠡᠨ ᠲᠣᠭᠠᠯᠠᠨ᠎ᠠ᠃
23.ᠽ ∙ ᠬᠤᠭᠤᠴᠠᠭ᠎ᠠ ᠰᠤᠩᠭᠠᠭᠤᠯᠬᠤ ᠲᠤᠬᠠᠢ ᠡᠷᠭᠦᠳᠡᠯ ᠢ ᠲᠤᠰᠬᠠᠢ ᠵᠥᠪᠰᠢᠶᠡᠷᠡᠯ ᠦᠨ ᠬᠤᠭᠤᠴᠠᠭ᠎ᠠ ᠳᠠᠭᠤᠰᠬᠤ ᠠᠴᠠ ᠭᠤᠷᠪᠠᠨ ᠰᠠᠷ᠎ᠠ ᠶᠢᠨ ᠡᠮᠦᠨ᠎ᠡ ᠭᠠᠷᠭᠠᠨ᠎ᠠ᠃
23.4.ᠠᠵᠤ ᠠᠬᠤᠢ ᠶᠢᠨ ᠦᠢᠯᠡ ᠠᠵᠢᠯᠯᠠᠭᠠᠨ ᠤ ᠲᠤᠰᠬᠠᠢ ᠵᠥᠪᠰᠢᠶᠡᠷᠡᠯ ᠦᠨ ᠲᠤᠬᠠᠢ ᠬᠠᠤᠯᠢ ᠶᠢᠨ 13.1 ᠍ ᠳᠦ ᠵᠢᠭᠠᠭᠰᠠᠨ ᠨᠥᠬᠥᠴᠡᠯ ᠪᠠᠶᠢᠳᠠᠯ ᠢᠯᠡᠷᠡᠭᠡ ᠦᠭᠡᠢ ᠪᠣᠯ ᠲᠤᠰᠬᠠᠢ ᠵᠥᠪᠰᠢᠶᠡᠷᠡᠯ ᠡᠵᠡᠮᠰᠢᠭᠴᠢ ᠶᠢᠨ ᠡᠷᠭᠦᠳᠡᠯ ᠢ ᠦᠨᠳᠦᠰᠦᠯᠡᠨ 14 ᠬᠣᠨᠣᠭ ᠤᠨ ᠳᠣᠲᠣᠷ᠎ᠠ ᠲᠤᠰᠬᠠᠢ ᠵᠥᠪᠰᠢᠶᠡᠷᠡᠯ ᠦᠨ ᠬᠤᠭᠤᠴᠠᠭ᠎ᠠ ᠶᠢ ᠰᠤᠩᠭᠠᠨ᠎ᠠ᠃
ᠬᠡᠪᠯᠡᠬᠦ
24 ᠳᠦᠭᠡᠷ ᠵᠦᠢᠯ᠃ ᠲᠤᠰᠬᠠᠢ ᠵᠥᠪᠰᠢᠶᠡᠷᠡᠯ ᠢ ᠬᠦᠴᠦᠨ ᠭᠦᠢ ᠪᠣᠯᠭᠠᠬᠤ
24.1.ᠲᠤᠰᠬᠠᠢ ᠵᠥᠪᠰᠢᠶᠡᠷᠡᠯ ᠣᠯᠭᠤᠭᠰᠠᠨ ᠪᠠᠶᠢᠭᠤᠯᠤᠯᠭ᠎ᠠ ᠨᠢ ᠠᠵᠤ ᠠᠬᠤᠢ ᠶᠢᠨ ᠦᠢᠯᠡ ᠠᠵᠢᠯᠯᠠᠭᠠᠨ ᠤ ᠲᠤᠰᠬᠠᠢ ᠵᠥᠪᠰᠢᠶᠡᠷᠡᠯ ᠦᠨ ᠲᠤᠬᠠᠢ ᠬᠠᠤᠯᠢ ᠶᠢᠨ 14.1 ᠍ ᠳᠦ ᠵᠢᠭᠠᠭᠰᠠᠨ ᠠᠴᠠ ᠭᠠᠳᠠᠨ᠎ᠠ ᠳᠠᠷᠠᠭᠠᠬᠢ ᠦᠨᠳᠦᠰᠦᠯᠡᠯ ᠢᠶᠡᠷ ᠲᠡᠭᠦᠨ ᠢ ᠬᠦᠴᠦᠨ ᠭᠦᠢ ᠪᠣᠯᠭᠠᠨ᠎ᠠ᠄
24.1.1.ᠮᠡᠷᠭᠡᠵᠢᠯ ᠦᠨ ᠬᠢᠨᠠᠯᠲᠠ ᠶᠢᠨ ᠪᠠᠶᠢᠭᠤᠯᠤᠯᠭ᠎ᠠ ᠶᠢᠨ ᠳ᠋ᠦᠩᠨᠡᠯᠲᠡ ᠪᠡᠷ ᠰᠲ᠋ᠠᠨᠳᠠᠷᠲ ᠵᠥᠷᠢᠴᠡᠭᠰᠡᠨ᠂ ᠡᠰᠡᠬᠦᠯ᠎ᠡ ᠰᠤᠷᠭᠠᠯᠲᠠ ᠡᠷᠬᠢᠯᠡᠬᠦ ᠲᠤᠰᠬᠠᠢ ᠵᠥᠪᠰᠢᠶᠡᠷᠡᠯ ᠦᠨ ᠨᠥᠬᠥᠴᠡᠯ᠂ ᠱᠠᠭᠠᠷᠳᠠᠯᠭ᠎ᠠ ᠶᠢ ᠤᠳᠠᠭ᠎ᠠ ᠳᠠᠷᠠᠭ᠎ᠠ ᠬᠠᠩᠭᠠᠭ᠎ᠠ ᠦᠭᠡᠢ ᠪᠣᠯᠬᠤ ᠨᠢ ᠲᠣᠭᠲᠠᠭᠠᠭᠳᠠᠭᠰᠠᠨ;
/ᠡᠨᠡ ᠵᠢᠭᠠᠯᠲᠠ ᠶᠢ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠥᠭᠡᠷᠡᠴᠢᠯᠡᠨ ᠨᠠᠶᠢᠷᠠᠭᠤᠯᠤᠭᠰᠠᠨ/
/ᠡᠨᠡ ᠵᠢᠭᠠᠯᠲᠠ ᠳᠤ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
24.1.2.ᠨᠡᠶᠢᠭᠡᠮ᠂ ᠢᠷᠭᠡᠨ ᠦ ᠡᠷᠬᠡ ᠠᠰᠢᠭ᠂ ᠡᠷᠡᠭᠦᠯ ᠮᠡᠨᠳᠦ᠂ ᠠᠶᠤᠯ ᠦᠭᠡᠢ ᠪᠠᠶᠢᠳᠠᠯ ᠳᠤ ᠰᠥᠷᠭᠦ ᠨᠥᠯᠥᠭᠡ ᠦᠵᠡᠭᠦᠯᠵᠦ ᠪᠣᠯᠵᠣᠰᠢ ᠦᠭᠡᠢ ᠰᠤᠷᠭᠠᠯᠲᠠ ᠵᠣᠬᠢᠶᠠᠨ ᠪᠠᠶᠢᠭᠤᠯᠤᠭᠰᠠᠨ ᠨᠢ ᠬᠣᠯᠪᠣᠭᠣᠳᠠᠬᠤ ᠮᠡᠷᠭᠡᠵᠢᠯ ᠦᠨ ᠪᠠᠶᠢᠭᠤᠯᠤᠯᠭ᠎ᠠ ᠪᠠᠷ ᠲᠣᠭᠲᠠᠭᠠᠭᠳᠠᠭᠰᠠᠨ;
24.1.3.ᠤᠯᠤᠰ ᠤᠨ ᠪᠦᠷᠢᠳᠬᠡᠯ ᠳᠦ ᠪᠦᠷᠢᠳᠬᠡᠭᠦᠯᠦᠭᠰᠡᠨ ᠪᠤᠶᠤ ᠲᠤᠰᠬᠠᠢ ᠵᠥᠪᠰᠢᠶᠡᠷᠡᠯ ᠠᠪᠤᠭᠰᠠᠨ ᠠᠴᠠ ᠬᠣᠶᠢᠰᠢ ᠵᠢᠷᠭᠤᠭᠠᠨ ᠰᠠᠷ᠎ᠠ ᠶᠢᠨ ᠳᠣᠲᠣᠷ᠎ᠠ ᠦᠢᠯᠡ ᠠᠵᠢᠯᠯᠠᠭ᠎ᠠ ᠶᠢ ᠪᠠᠨ ᠶᠠᠪᠤᠭᠤᠯᠵᠤ ᠡᠬᠢᠯᠡᠭᠡ ᠦᠭᠡᠢ;
24.1.4.ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠶᠢ ᠪᠤᠰᠤᠳ ᠪᠠᠶᠢᠭᠤᠯᠤᠯᠭ᠎ᠠ ᠲᠠᠢ ᠨᠡᠶᠢᠯᠡᠭᠦᠯᠬᠦ᠂ ᠨᠢᠭᠡᠳᠬᠡᠬᠦ᠂ ᠬᠤᠪᠢᠶᠠᠬᠤ᠂ ᠲᠤᠰᠠᠭᠠᠷᠯᠠᠬᠤ᠂ ᠥᠭᠡᠷᠡᠴᠢᠯᠡᠬᠦ ᠵᠠᠮ ᠢᠶᠠᠷ ᠥᠭᠡᠷᠡᠴᠢᠯᠡᠨ ᠪᠠᠶᠢᠭᠤᠯᠤᠭᠰᠠᠨ;
/ᠡᠨᠡ ᠵᠢᠭᠠᠯᠲᠠ ᠶᠢ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠨᠡᠮᠡᠭᠰᠡᠨ/
24.1.5.ᠬᠠᠤᠯᠢ ᠳᠤ ᠵᠢᠭᠠᠭᠰᠠᠨ ᠪᠤᠰᠤᠳ ᠦᠨᠳᠦᠰᠦᠯᠡᠯ᠃
/ᠡᠨᠡ ᠵᠢᠭᠠᠯᠲᠠ ᠶᠢᠨ ᠳ᠋ᠤᠭᠠᠷ ᠲᠤ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
ᠬᠡᠪᠯᠡᠬᠦ
25 ᠳ᠋ᠤᠭᠠᠷ ᠵᠦᠢᠯ᠃ ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠶᠢ ᠲᠠᠲᠠᠨ ᠪᠠᠭᠤᠯᠭᠠᠬᠤ
25.1᠃ ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠶᠢ ᠳᠠᠷᠠᠭᠠᠬᠢ ᠲᠣᠬᠢᠶᠠᠯᠳᠤᠯ ᠳᠤ ᠲᠠᠲᠠᠨ ᠪᠠᠭᠤᠯᠭᠠᠨ᠎ᠠ᠄
25.1.1.ᠠᠰᠢᠭ ᠤᠨ ᠲᠥᠯᠥᠭᠡ ᠪᠤᠰᠤ ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠪᠣᠯ ᠲᠤᠬᠠᠢ ᠶᠢᠨ ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠶᠢᠨ ᠤᠳᠤᠷᠢᠳᠬᠤ ᠵᠥᠪᠯᠡᠯ ᠦᠨ ᠰᠢᠢᠳᠪᠦᠷᠢ ᠪᠡᠷ᠂ ᠠᠰᠢᠭ ᠤᠨ ᠲᠥᠯᠥᠭᠡ ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠪᠣᠯ ᠬᠤᠪᠢᠴᠠᠭ᠎ᠠ ᠡᠵᠡᠮᠰᠢᠭᠴᠢᠳ ᠦᠨ ᠬᠤᠷᠠᠯ ᠤᠨ ᠰᠢᠢᠳᠪᠦᠷᠢ ᠪᠡᠷ;
/ᠡᠨᠡ ᠵᠢᠭᠠᠯᠲᠠ ᠶᠢ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠥᠭᠡᠷᠡᠴᠢᠯᠡᠨ ᠨᠠᠶᠢᠷᠠᠭᠤᠯᠤᠭᠰᠠᠨ/
25.1.2.ᠲᠤᠰᠬᠠᠢ ᠵᠥᠪᠰᠢᠶᠡᠷᠡᠯ ᠢ ᠬᠦᠴᠦᠨ ᠭᠦᠢ ᠪᠣᠯᠭᠠᠭᠰᠠᠨ;
25.1.ᠽ.ᠲᠠᠲᠠᠨ ᠪᠠᠭᠤᠯᠭᠠᠬᠤ ᠲᠤᠬᠠᠢ ᠰᠢᠭᠦᠬᠦ ᠶᠢᠨ ᠰᠢᠢᠳᠪᠦᠷᠢ ᠭᠠᠷᠤᠭᠰᠠᠨ;
25.1.4.ᠬᠠᠤᠯᠢ ᠳᠤ ᠵᠢᠭᠠᠭᠰᠠᠨ ᠪᠤᠰᠤᠳ ᠦᠨᠳᠦᠰᠦᠯᠡᠯ᠃
25.2.ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠶᠢ ᠡᠨᠡ ᠬᠠᠤᠯᠢ ᠶᠢᠨ 25.1.1 ᠍ ᠳᠦ ᠵᠢᠭᠠᠭᠰᠠᠨ ᠤ ᠳᠠᠭᠠᠤ ᠲᠠᠲᠠᠨ ᠪᠠᠭᠤᠯᠭᠠᠬᠤ ᠰᠢᠢᠳᠪᠦᠷᠢ ᠭᠠᠷᠬᠤ ᠠᠴᠠ 2 ᠰᠠᠷ᠎ᠠ ᠶᠢᠨ ᠡᠮᠦᠨ᠎ᠡ ᠲᠤᠬᠠᠢ ᠶᠢᠨ ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠶᠢ ᠲᠠᠲᠠᠨ ᠪᠠᠭᠤᠯᠭᠠᠬᠤ ᠠᠵᠢᠯ ᠤᠨ ᠲᠥᠯᠥᠪᠯᠡᠭᠡ᠂ ᠠᠪᠬᠤ ᠠᠷᠭ᠎ᠠ ᠬᠡᠮᠵᠢᠶᠡᠨ ᠦ ᠲᠠᠯᠠᠷᠠᠬᠢ ᠰᠠᠨᠠᠯ᠎ᠠ ᠬᠣᠯᠪᠣᠭᠳᠠᠬᠤ ᠲᠣᠭᠠᠴᠠᠭ᠎ᠠ᠂ ᠰᠤᠳᠤᠯᠭᠠᠨ ᠤ ᠬᠠᠮᠲᠤ ᠪᠣᠯᠪᠠᠰᠤᠷᠠᠯ ᠤᠨ ᠠᠰᠠᠭᠤᠳᠠᠯ ᠡᠷᠬᠢᠯᠡᠭᠰᠡᠨ ᠲᠥᠷᠥ ᠶᠢᠨ ᠵᠠᠬᠢᠷᠭᠠᠨ ᠤ ᠲᠥᠪ ᠪᠠᠶᠢᠭᠤᠯᠤᠯᠭ᠎ᠠ ᠳᠤ ᠬᠦᠷᠭᠡᠭᠦᠯᠬᠦ ᠪᠥᠭᠡᠳ ᠪᠣᠯᠪᠠᠰᠤᠷᠠᠯ ᠤᠨ ᠠᠰᠠᠭᠤᠳᠠᠯ ᠡᠷᠬᠢᠯᠡᠭᠰᠡᠨ ᠲᠥᠷᠥ ᠶᠢᠨ ᠵᠠᠬᠢᠷᠭᠠᠨ ᠤ ᠲᠥᠪ ᠪᠠᠶᠢᠭᠤᠯᠤᠯᠭ᠎ᠠ ᠤᠭ ᠰᠠᠨᠠᠯ ᠢ ᠰᠤᠳᠤᠯᠤᠨ ᠳᠦᠩ ᠰᠢᠨᠵᠢᠯᠡᠭᠡ ᠬᠢᠵᠦ᠂ ᠳ᠋ᠦᠩᠨᠡᠯᠲᠡ ᠭᠠᠷᠭᠠᠨ᠎ᠠ᠃
/ᠡᠨᠡ ᠬᠡᠰᠡᠭ ᠢ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠥᠭᠡᠷᠡᠴᠢᠯᠡᠨ ᠨᠠᠶᠢᠷᠠᠭᠤᠯᠤᠭᠰᠠᠨ/
25.ᠽ ∙ ᠲᠤᠬᠠᠢ ᠶᠢᠨ ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠶᠢ ᠪᠦᠷᠢᠳᠬᠡᠬᠦ ᠪᠠᠶᠢᠭᠤᠯᠤᠯᠭ᠎ᠠ ᠤᠯᠤᠰ ᠤᠨ ᠪᠦᠷᠢᠳᠬᠡᠯ ᠡᠴᠡ ᠬᠠᠰᠤᠭᠰᠠᠨ ᠢᠶᠠᠷ ᠲᠠᠲᠠᠨ ᠪᠠᠭᠤᠭᠳᠠᠭᠰᠠᠨ ᠳᠤ ᠲᠣᠭᠠᠴᠠᠨ᠎ᠠ᠃
25.4.ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠲᠠᠲᠠᠨ ᠪᠠᠭᠤᠭᠳᠠᠭᠰᠠᠨ ᠪᠣᠯᠤᠨ ᠰᠤᠷᠤᠯᠴᠠᠭᠴᠢ ᠳᠤ ᠤᠴᠠᠷᠠᠭᠰᠠᠨ ᠬᠣᠬᠢᠷᠠᠯ ᠢ ᠠᠷᠢᠯᠭᠠᠭᠤᠯᠬᠤ ᠲᠠᠢ ᠬᠣᠯᠪᠣᠭ᠎ᠠ ᠲᠠᠢ ᠪᠠᠷ ᠡᠭᠦᠰᠦᠭᠰᠡᠨ ᠮᠠᠷᠭᠤᠭᠠᠨ ᠢ ᠰᠢᠭᠦᠬᠦ ᠬᠢᠨᠠᠨ ᠰᠢᠢᠳᠪᠦᠷᠢᠯᠡᠨ᠎ᠡ᠃
25.5.ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠶᠢ ᠲᠠᠲᠠᠨ ᠪᠠᠭᠤᠯᠭᠠᠬᠤ ᠲᠠᠢ ᠬᠣᠯᠪᠣᠭᠳᠠᠨ ᠡᠭᠦᠰᠬᠦ ᠡᠳ᠋ ᠬᠥᠷᠥᠩᠭᠡ ᠶᠢᠨ ᠬᠠᠷᠢᠯᠴᠠᠭ᠎ᠠ ᠶᠢ ᠢᠷᠭᠡᠨ ᠦ ᠬᠠᠤᠯᠢ ᠲᠣᠭᠲᠠᠭᠠᠮᠵᠢ ᠳᠤ ᠵᠢᠭᠠᠭᠰᠠᠨ ᠤ ᠳᠠᠭᠠᠤ ᠵᠣᠬᠢᠴᠠᠭᠤᠯᠤᠨ᠎ᠠ᠃
/ᠡᠨᠡ ᠬᠡᠰᠡᠭ ᠢ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠨᠡᠮᠡᠭᠰᠡᠨ/
25.6.ᠡᠨᠡ ᠬᠠᠤᠯᠢ ᠶᠢᠨ 25.2 ᠍ ᠳᠦ ᠵᠢᠭᠠᠭᠰᠠᠨ ᠢ ᠬᠡᠷᠡᠭᠵᠢᠭᠦᠯᠬᠦ ᠲᠡᠢ ᠬᠣᠯᠪᠣᠭ᠎ᠠ ᠲᠠᠢ ᠳ᠋ᠦᠩᠨᠡᠯᠲᠡ ᠭᠠᠷᠭᠠᠬᠤ ᠠᠷᠭᠠᠴᠢᠯᠠᠯ᠂ ᠵᠢᠷᠤᠮ ᠢ ᠪᠣᠯᠪᠠᠰᠤᠷᠠᠯ ᠤᠨ ᠠᠰᠠᠭᠤᠳᠠᠯ ᠡᠷᠬᠢᠯᠡᠭᠰᠡᠨ ᠵᠠᠰᠠᠭ ᠤᠨ ᠭᠠᠵᠠᠷ ᠤᠨ ᠭᠡᠰᠢᠭᠦᠨ ᠪᠠᠲᠤᠯᠠᠨ᠎ᠠ.》
/ᠡᠨᠡ ᠬᠡᠰᠡᠭ ᠢ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠨᠡᠮᠡᠭᠰᠡᠨ/
ᠬᠡᠪᠯᠡᠬᠦ
26 ᠳ᠋ᠤᠭᠠᠷ ᠵᠦᠢᠯ᠃ ᠪᠣᠯᠪᠠᠰᠤᠷᠠᠯ ᠤᠨ ᠮᠠᠭᠠᠳᠯᠠᠨ ᠢᠲᠡᠭᠡᠮᠵᠢᠯᠡᠯ
26.1.ᠪᠣᠯᠪᠠᠰᠤᠷᠠᠯ ᠤᠨ ᠮᠠᠭᠠᠳᠯᠠᠨ ᠢᠲᠡᠭᠡᠮᠵᠢᠯᠡᠯ ᠨᠢ ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠶᠢᠨ ᠦᠢᠯᠡ ᠠᠵᠢᠯᠯᠠᠭ᠎ᠠ᠂ ᠰᠤᠷᠭᠠᠯᠲᠠ ᠶᠢᠨ ᠬᠥᠲᠥᠯᠪᠦᠷᠢ ᠶᠢᠨ ᠬᠡᠷᠡᠭᠵᠢᠯᠲᠡ ᠶᠢᠨ ᠴᠢᠨᠠᠷ ᠲᠤ ᠬᠠᠷᠠᠭᠠᠲᠤ ᠪᠤᠰᠤ ᠦᠨᠡᠯᠡᠭᠡ ᠬᠢᠵᠦ᠂ ᠠᠬᠢᠴᠠ ᠳᠡᠪᠰᠢᠯ ᠢ ᠳᠡᠮᠵᠢᠨ᠂ ᠮᠡᠷᠭᠡᠵᠢᠯ ᠦᠨ ᠬᠦᠷᠢᠶᠡᠨ ᠳᠦ ᠬᠦᠯᠢᠶᠡᠨ ᠵᠦᠪᠰᠢᠶᠡᠷᠡᠬᠦ ᠠᠵᠢᠯᠯᠠᠭ᠎ᠠ ᠮᠥᠨ᠃
/ᠡᠨᠡ ᠬᠡᠰᠡᠭ ᠲᠦ 2009 ᠣᠨ ᠤ 2 ᠳ᠋ᠤᠭᠠᠷ ᠰᠠᠷ᠎ᠠ ᠶᠢᠨ 13 ᠍ ᠤ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
/ᠡᠨᠡ ᠬᠡᠰᠡᠭ ᠢ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠥᠭᠡᠷᠡᠴᠢᠯᠡᠨ ᠨᠠᠶᠢᠷᠠᠭᠤᠯᠤᠭᠰᠠᠨ/
26.2.ᠪᠣᠯᠪᠠᠰᠤᠷᠠᠯ ᠤᠨ ᠮᠠᠭᠠᠳᠯᠠᠨ ᠢᠲᠡᠭᠡᠮᠵᠢᠯᠡᠯ ᠢ ᠪᠣᠯᠪᠠᠰᠤᠷᠠᠯ ᠤᠨ ᠠᠰᠠᠭᠤᠳᠠᠯ ᠡᠷᠬᠢᠯᠡᠭᠰᠡᠨ ᠲᠥᠷᠥ ᠶᠢᠨ ᠵᠠᠬᠢᠷᠭᠠᠨ ᠤ ᠲᠥᠪ ᠪᠠᠶᠢᠭᠤᠯᠤᠯᠭ᠎ᠠ ᠠᠴᠠ ᠡᠷᠬᠡ ᠣᠯᠭᠤᠭᠰᠠᠨ᠂ ᠠᠰᠢᠭ ᠤᠨ ᠲᠥᠯᠥᠭᠡ ᠪᠤᠰᠤ ᠪᠠᠶᠢᠭᠤᠯᠤᠯᠭ᠎ᠠ ᠬᠡᠷᠡᠭᠵᠢᠭᠦᠯᠬᠦ ᠪᠥᠭᠡᠳ ᠲᠤᠰ ᠪᠠᠶᠢᠭᠤᠯᠤᠯᠭ᠎ᠠ ᠨᠢ ᠦᠢᠯᠡ ᠠᠵᠢᠯᠯᠠᠭᠠᠨ ᠤ ᠪᠠᠨ ᠦᠷ᠎ᠡ ᠳᠦᠩ ᠢ ᠪᠣᠯᠪᠠᠰᠤᠷᠠᠯ ᠤᠨ ᠠᠰᠠᠭᠤᠳᠠᠯ ᠡᠷᠬᠢᠯᠡᠭᠰᠡᠨ ᠲᠥᠷᠥ ᠶᠢᠨ ᠵᠠᠬᠢᠷᠭᠠᠨ ᠤ ᠲᠥᠪ ᠪᠠᠶᠢᠭᠤᠯᠤᠯᠭ᠎ᠠ ᠳᠤ ᠲᠠᠶᠢᠯᠤᠩᠨᠠᠨᠠ᠃
/ᠡᠨᠡ ᠬᠡᠰᠡᠭ ᠢ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠥᠭᠡᠷᠡᠴᠢᠯᠡᠨ ᠨᠠᠶᠢᠷᠠᠭᠤᠯᠤᠭᠰᠠᠨ/
26.3᠃ ᠮᠠᠭᠠᠳᠯᠠᠨ ᠢᠲᠡᠭᠡᠮᠵᠢᠯᠡᠬᠦ ᠪᠠᠶᠢᠭᠤᠯᠤᠯᠭ᠎ᠠ ᠶᠢᠨ ᠳᠦᠷᠢᠮ ᠢ ᠵᠠᠰᠠᠭ ᠤᠨ ᠭᠠᠵᠠᠷ ᠪᠠᠲᠤᠯᠠᠨ᠎ᠠ᠃
26.4.ᠪᠣᠯᠪᠠᠰᠤᠷᠠᠯ ᠤᠨ ᠮᠠᠭᠠᠳᠯᠠᠨ ᠢᠲᠡᠭᠡᠮᠵᠢᠯᠡᠬᠦ ᠪᠠᠶᠢᠭᠤᠯᠤᠯᠭ᠎ᠠ ᠶᠢᠨ ᠤᠳᠤᠷᠢᠳᠬᠤ ᠵᠥᠪᠯᠡᠯ ᠲᠥᠷᠥ᠂ ᠣᠯᠠᠨ ᠨᠡᠶᠢᠲᠡ᠂ ᠰᠤᠷᠤᠯᠴᠠᠭᠴᠢ ᠶᠢᠨ ᠲᠥᠯᠥᠭᠡᠯᠡᠯ ᠡᠴᠡ ᠪᠥᠷᠢᠳᠦᠨ᠎ᠡ᠃
/ᠡᠨᠡ ᠬᠡᠰᠡᠭ ᠲᠦ 2003 ᠣᠨ ᠤ 11 ᠳᠦᠭᠡᠷ ᠰᠠᠷ᠎ᠠ ᠶᠢᠨ 13 ᠍ ᠤ ᠡᠳᠦᠷ ᠦᠨ ᠬᠠᠤᠯᠢ ᠪᠠᠷ ᠨᠡᠮᠡᠯᠲᠡ ᠣᠷᠣᠭᠤᠯᠤᠭᠰᠠᠨ/
/ᠡᠨᠡ ᠬᠡᠰᠡᠭ ᠢ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠥᠭᠡᠷᠡᠴᠢᠯᠡᠨ ᠨᠠᠶᠢᠷᠠᠭᠤᠯᠤᠭᠰᠠᠨ/
26.5.ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠶᠢ ᠮᠠᠭᠠᠳᠯᠠᠨ ᠢᠲᠡᠭᠡᠮᠵᠢᠯᠡᠬᠦ ᠪᠠᠶᠢᠭᠤᠯᠤᠯᠭ᠎ᠠ ᠨᠢ ᠪᠣᠯᠪᠠᠰᠤᠷᠠᠯ ᠤᠨ ᠮᠠᠭᠠᠳᠯᠠᠨ ᠢᠲᠡᠭᠡᠮᠵᠢᠯᠡᠬᠦ ᠦᠨᠳᠦᠰᠦᠨ ᠦ ᠵᠥᠪᠯᠡᠯ ᠪᠠᠶᠢᠨ᠎ᠠ᠃
/ᠡᠨᠡ ᠬᠡᠰᠡᠭ ᠢ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠨᠡᠮᠡᠭᠰᠡᠨ/
26.6.ᠪᠣᠯᠪᠠᠰᠤᠷᠠᠯ ᠤᠨ ᠮᠠᠭᠠᠳᠯᠠᠨ ᠢᠲᠡᠭᠡᠮᠵᠢᠯᠡᠬᠦ ᠦᠨᠳᠦᠰᠦᠨ ᠦ ᠵᠥᠪᠯᠡᠯ ᠮᠠᠭᠠᠳᠯᠠᠨ ᠢᠲᠡᠭᠡᠮᠵᠢᠯᠡᠬᠦ ᠰᠢᠯᠭᠠᠭᠤᠷ᠂ ᠵᠢᠷᠤᠮ ᠢ ᠲᠣᠭᠲᠠᠭᠠᠬᠤ᠂ ᠰᠤᠷᠭᠠᠯᠲᠠ ᠶᠢᠨ ᠬᠥᠲᠥᠯᠪᠦᠷᠢ ᠶᠢᠨ ᠮᠠᠭᠠᠳᠯᠠᠨ ᠢᠲᠡᠭᠡᠮᠵᠢᠯᠡᠯ ᠬᠢᠬᠦ ᠪᠠᠶᠢᠭᠤᠯᠤᠯᠭ᠎ᠠ ᠶᠢ ᠪᠦᠷᠢᠳᠬᠡᠬᠦ ᠴᠢᠭ ᠡᠭᠦᠷᠭᠡ ᠶᠢ ᠬᠡᠷᠡᠭᠵᠢᠭᠦᠯᠦᠨ᠎ᠡ᠃
/ᠡᠨᠡ ᠬᠡᠰᠡᠭ ᠢ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠨᠡᠮᠡᠭᠰᠡᠨ/
26.7.ᠲᠥᠷᠥ ᠡᠴᠡ ᠪᠣᠯᠪᠠᠰᠤᠷᠠᠯ ᠤᠨ ᠮᠠᠭᠠᠳᠯᠠᠨ ᠢᠲᠡᠭᠡᠮᠵᠢᠯᠡᠬᠦ ᠦᠨᠳᠦᠰᠦᠨ ᠦ ᠵᠥᠪᠯᠡᠯᠳᠦ ᠪᠤᠰᠤᠳ ᠮᠠᠭᠠᠳᠯᠠᠨ ᠢᠲᠡᠭᠡᠮᠵᠢᠯᠡᠬᠦ ᠪᠠᠶᠢᠭᠤᠯᠤᠯᠭ᠎ᠠ ᠶᠢ ᠤᠳᠤᠷᠢᠳᠤᠮᠵᠢ᠂ ᠨᠢᠭᠡᠳᠦᠭᠰᠡᠨ ᠵᠣᠬᠢᠴᠠᠭᠤᠯᠤᠯᠲᠠ ᠪᠠᠷ ᠬᠠᠩᠭᠠᠬᠤ ᠳᠤ ᠳᠡᠮᠵᠢᠯᠭᠡ ᠦᠵᠡᠭᠦᠯᠦᠨ᠎ᠡ᠃
/ᠡᠨᠡ ᠬᠡᠰᠡᠭ ᠢ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠨᠡᠮᠡᠭᠰᠡᠨ/
26.8.ᠮᠣᠩᠭᠣᠯ ᠤᠯᠤᠰ ᠲᠤ ᠮᠠᠭᠠᠳᠯᠠᠨ ᠢᠲᠡᠭᠡᠮᠵᠢᠯᠡᠬᠦ ᠦᠢᠯᠡ ᠠᠵᠢᠯᠯᠠᠭ᠎ᠠ ᠶᠠᠪᠤᠭᠤᠯᠬᠤ ᠭᠠᠳᠠᠭᠠᠳᠤ ᠶᠢᠨ ᠪᠠᠶᠢᠭᠤᠯᠤᠯᠭ᠎ᠠ ᠶᠢ ᠪᠣᠯᠪᠠᠰᠤᠷᠠᠯ ᠤᠨ ᠮᠠᠭᠠᠳᠯᠠᠨ ᠢᠲᠡᠭᠡᠮᠵᠢᠯᠡᠬᠦ ᠦᠨᠳᠦᠰᠦᠨ ᠦ ᠵᠥᠪᠯᠡᠯ ᠪᠦᠷᠢᠳᠬᠡᠵᠦ᠂ ᠵᠥᠪᠰᠢᠶᠡᠷᠡᠯ ᠣᠯᠭᠤᠨ᠎ᠠ᠃
/ᠡᠨᠡ ᠬᠡᠰᠡᠭ ᠢ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠨᠡᠮᠡᠭᠰᠡᠨ/
ᠬᠡᠪᠯᠡᠬᠦ
ДӨРӨВДҮГЭЭР БҮЛЭГ
ᠪᠣᠯᠪᠠᠰᠤᠷᠠᠯ ᠤᠨ ᠤᠳᠤᠷᠢᠳᠤᠯᠭ᠎ᠠ
27 ᠳ᠋ᠤᠭᠠᠷ ᠵᠦᠢᠯ᠃ ᠪᠣᠯᠪᠠᠰᠤᠷᠠᠯ ᠤᠨ ᠤᠳᠤᠷᠢᠳᠤᠯᠭ᠎ᠠ ᠶᠢᠨ ᠲᠣᠭᠲᠠᠯᠴᠠᠭ᠎ᠠ
27.1᠃ ᠪᠣᠯᠪᠠᠰᠤᠷᠠᠯ ᠤᠨ ᠤᠳᠤᠷᠢᠳᠤᠯᠭ᠎ᠠ ᠨᠢ ᠪᠣᠯᠪᠠᠰᠤᠷᠠᠯ ᠤᠨ ᠠᠰᠠᠭᠤᠳᠠᠯ ᠡᠷᠬᠢᠯᠡᠭᠰᠡᠨ ᠲᠥᠷᠥ ᠶᠢᠨ ᠵᠠᠬᠢᠷᠭᠠᠨ ᠤ ᠲᠥᠪ ᠪᠣᠯᠤᠨ ᠣᠷᠣᠨ ᠨᠤᠲᠤᠭ ᠤᠨ ᠪᠠᠶᠢᠭᠤᠯᠤᠯᠭ᠎ᠠ᠂ ᠵᠠᠰᠠᠭ ᠵᠠᠬᠢᠷᠭ᠎ᠠ᠂ ᠨᠤᠲᠤᠭ ᠳᠡᠪᠢᠰᠬᠡᠷ ᠦᠨ ᠨᠢᠭᠡᠴᠡ ᠶᠢᠨ ᠤᠳᠤᠷᠢᠳᠤᠯᠭ᠎ᠠ᠂ ᠪᠣᠯᠪᠠᠰᠤᠷᠠᠯ ᠤᠨ ᠪᠠᠶᠢᠭᠤᠯᠤᠯᠭ᠎ᠠ ᠶᠢᠨ ᠪᠣᠯᠤᠨ ᠲᠡᠭᠦᠨ ᠦ ᠥᠪᠡᠷ ᠦᠨ ᠤᠳᠤᠷᠢᠳᠤᠯᠭ᠎ᠠ ᠠᠴᠠ ᠪᠥᠷᠢᠳᠦᠨ᠎ᠡ᠃
/ᠡᠨᠡ ᠬᠡᠰᠡᠭ ᠲᠦ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠨᠡᠮᠡᠯᠲᠡ ᠣᠷᠣᠭᠤᠯᠤᠭᠰᠠᠨ/
27.2.ᠪᠣᠯᠪᠠᠰᠤᠷᠠᠯ ᠤᠨ ᠠᠰᠠᠭᠤᠳᠠᠯ ᠡᠷᠬᠢᠯᠡᠭᠰᠡᠨ ᠣᠷᠣᠨ ᠨᠤᠲᠤᠭ ᠤᠨ ᠪᠠᠶᠢᠭᠤᠯᠤᠯᠭ᠎ᠠ ᠨᠢ ᠠᠶᠢᠮᠠᠭ᠂ ᠨᠡᠶᠢᠰᠯᠡᠯ ᠳᠦ ᠪᠣᠯᠪᠠᠰᠤᠷᠠᠯ ᠤᠨ ᠭᠠᠵᠠᠷ᠂ ᠨᠡᠶᠢᠰᠯᠡᠯ ᠦᠨ ᠳᠡᠭᠦᠷᠭᠡ ᠳᠦ ᠪᠣᠯᠪᠠᠰᠤᠷᠠᠯ ᠤᠨ ᠬᠡᠯᠲᠡᠰ ᠪᠠᠶᠢᠨ᠎ᠠ᠃
/ᠡᠨᠡ ᠬᠡᠰᠡᠭ ᠲᠦ 2003 ᠣᠨ ᠤ 1 ᠳᠦᠭᠡᠷ ᠰᠠᠷ᠎ᠠ ᠶᠢᠨ 3 ᠍ ᠤ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
/ᠡᠨᠡ ᠬᠡᠰᠡᠭ ᠲᠦ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠥᠭᠡᠷᠡᠴᠢᠯᠡᠨ ᠨᠠᠶᠢᠷᠠᠭᠤᠯᠤᠭᠰᠠᠨ/
27.3.ᠠᠶᠢᠮᠠᠭ᠂ ᠨᠡᠶᠢᠰᠯᠡᠯ ᠦᠨ ᠪᠣᠯᠪᠠᠰᠤᠷᠠᠯ ᠤᠨ ᠭᠠᠵᠠᠷ ᠤᠨ ᠳᠡᠷᠭᠡᠳᠡ ᠲᠤᠬᠠᠢ ᠶᠢᠨ ᠨᠤᠲᠤᠭ ᠳᠡᠪᠢᠰᠬᠡᠷ ᠲᠦ ᠶᠠᠪᠤᠭᠤᠯᠬᠤ ᠪᠣᠯᠪᠠᠰᠤᠷᠠᠯ ᠤᠨ ᠦᠢᠯᠡ ᠠᠵᠢᠯᠯᠠᠭᠠᠨ ᠤ ᠪᠣᠳᠣᠯᠭ᠎ᠠ᠂ ᠬᠥᠭᠵᠢᠯ ᠦᠨ ᠲᠥᠯᠥᠪᠯᠡᠯᠲᠡ ᠶᠢᠨ ᠠᠰᠠᠭᠤᠳᠠᠯ ᠢᠶᠠᠷ ᠵᠥᠪᠯᠡᠬᠦ ᠴᠢᠭ ᠡᠭᠦᠷᠭᠡ ᠪᠦᠬᠦᠢ ᠣᠷᠣᠨ ᠲᠣᠭᠠᠨ ᠤ ᠪᠤᠰᠤ ᠵᠥᠪᠯᠡᠯ ᠠᠵᠢᠯᠯᠠᠨ᠎ᠠ᠃
/ᠡᠨᠡ ᠬᠡᠰᠡᠭ ᠢ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠨᠡᠮᠡᠭᠰᠡᠨ/
ᠬᠡᠪᠯᠡᠬᠦ
28 ᠳ᠋ᠤᠭᠠᠷ ᠵᠦᠢᠯ᠃ ᠪᠣᠯᠪᠠᠰᠤᠷᠠᠯ ᠤᠨ ᠠᠰᠠᠭᠤᠳᠠᠯ ᠡᠷᠬᠢᠯᠡᠭᠰᠡᠨ ᠲᠥᠷᠥ ᠶᠢᠨ ᠵᠠᠬᠢᠷᠭᠠᠨ ᠤ ᠲᠥᠪ ᠪᠠᠶᠢᠭᠤᠯᠤᠯᠭ᠎ᠠ ᠶᠢᠨ ᠪᠦᠷᠢᠨ ᠡᠷᠬᠡ
28.1᠃ ᠪᠣᠯᠪᠠᠰᠤᠷᠠᠯ ᠤᠨ ᠠᠰᠠᠭᠤᠳᠠᠯ ᠡᠷᠬᠢᠯᠡᠭᠰᠡᠨ ᠲᠥᠷᠥ ᠶᠢᠨ ᠵᠠᠬᠢᠷᠭᠠᠨ ᠤ ᠲᠥᠪ ᠪᠠᠶᠢᠭᠤᠯᠤᠯᠭ᠎ᠠ ᠳᠠᠷᠠᠭᠠᠬᠢ ᠪᠦᠷᠢᠨ ᠡᠷᠬᠡ ᠶᠢ ᠬᠡᠷᠡᠭᠵᠢᠭᠦᠯᠦᠨ᠎ᠡ᠄
28.1.1.ᠪᠣᠯᠪᠠᠰᠤᠷᠠᠯ ᠤᠨ ᠲᠤᠬᠠᠢ ᠬᠠᠤᠯᠢ ᠲᠣᠭᠲᠠᠭᠠᠮᠵᠢ ᠶᠢᠨ ᠬᠡᠷᠡᠭᠵᠢᠯᠲᠡ ᠶᠢ ᠤᠯᠤᠰ ᠤᠨ ᠬᠡᠮᠵᠢᠶᠡᠨ ᠳᠦ ᠵᠣᠬᠢᠶᠠᠨ ᠪᠠᠶᠢᠭᠤᠯᠬᠤ;
28.1.2.ᠪᠣᠯᠪᠠᠰᠤᠷᠠᠯ ᠤᠨ ᠰᠠᠯᠪᠤᠷᠢ ᠶᠢᠨ ᠬᠥᠭᠵᠢᠯ ᠦᠨ ᠪᠣᠳᠣᠯᠭ᠎ᠠ᠂ ᠲᠡᠷᠢᠭᠦᠯᠡᠬᠦ ᠴᠢᠭᠯᠡᠯ᠂ ᠲᠥᠯᠥᠪᠯᠡᠭᠡ᠂ ᠦᠵᠡᠯ ᠪᠠᠷᠢᠮᠲᠠᠯᠠᠯ᠂ ᠦᠨᠳᠦᠰᠦᠨ ᠴᠢᠭᠯᠡᠯ᠂ ᠳᠦᠷᠢᠮ᠂ ᠵᠢᠷᠤᠮ᠂ ᠬᠥᠲᠥᠯᠪᠦᠷᠢ᠂ ᠲᠥᠰᠥᠯ᠂ ᠵᠢᠭᠠᠪᠤᠷᠢ᠂ ᠠᠷᠭᠠᠴᠢᠯᠠᠯ ᠢ ᠪᠣᠯᠪᠠᠰᠤᠷᠠᠭᠤᠯᠬᠤ᠂ ᠪᠠᠲᠤᠯᠠᠬᠤ᠂ ᠬᠡᠷᠡᠭᠵᠢᠭᠦᠯᠬᠦ᠂ ᠬᠢᠨᠠᠯᠲᠠ ᠰᠢᠨᠵᠢᠯᠡᠭᠡ᠂ ᠦᠨᠡᠯᠡᠭᠡ ᠬᠢᠬᠦ᠂ ᠦᠷ᠎ᠡ ᠳᠦᠩ ᠢ ᠲᠣᠭᠠᠴᠠᠬᠤ;
/ᠡᠨᠡ ᠵᠢᠭᠠᠯᠲᠠ ᠳᠤ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠨᠡᠮᠡᠯᠲᠡ ᠣᠷᠣᠭᠤᠯᠤᠭᠰᠠᠨ/
/ᠡᠨᠡ ᠵᠢᠭᠠᠯᠲᠠ ᠳᠤ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠥᠭᠡᠷᠡᠴᠢᠯᠡᠨ ᠨᠠᠶᠢᠷᠠᠭᠤᠯᠤᠭᠰᠠᠨ/
28.1.3.ᠮᠡᠷᠭᠡᠵᠢᠯ ᠦᠨ ᠠᠩᠬᠠᠨ᠂ ᠳᠤᠮᠳᠠ᠂ ᠳᠡᠭᠡᠳᠦ ᠪᠣᠯᠪᠠᠰᠤᠷᠠᠯ ᠤᠨ ᠮᠡᠷᠭᠡᠵᠢᠯ ᠦᠨ ᠴᠢᠭᠯᠡᠯ ᠢ ᠲᠣᠭᠲᠠᠭᠠᠬᠤ;
28.1.4.ᠪᠦᠬᠦ ᠱᠠᠲᠤᠨ ᠤ ᠪᠣᠯᠪᠠᠰᠤᠷᠠᠯ ᠤᠨ ᠰᠲ᠋ᠠᠨᠳᠠᠷᠲ᠂ ᠨᠣᠷᠮ᠎ᠠ᠂ ᠨᠣᠷᠮᠠᠲ᠋ᠢᠸ ᠢ ᠲᠥᠰᠥᠪ ᠦᠨ ᠲᠤᠬᠠᠢ ᠬᠠᠤᠯᠢ ᠳᠤ ᠨᠡᠶᠢᠴᠡᠭᠦᠯᠦᠨ ᠪᠣᠯᠪᠠᠰᠤᠷᠠᠭᠤᠯᠬᠤ;
/ᠡᠨᠡ ᠵᠢᠭᠠᠯᠲᠠ ᠳᠤ 2002 ᠣᠨ ᠤ 7 ᠳ᠋ᠤᠭᠠᠷ ᠰᠠᠷ᠎ᠠ ᠶᠢᠨ 10 ᠍ ᠤ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
/ᠡᠨᠡ ᠵᠢᠭᠠᠯᠲᠠ ᠳᠤ 2016 ᠣᠨ ᠤ 9 ᠳᠦᠭᠡᠷ ᠰᠠᠷ᠎ᠠ ᠶᠢᠨ 07 ᠍ ᠤ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
28.1.5.ᠢᠷᠭᠡᠨ ᠳᠦ ᠠᠯᠪᠠᠨ ᠪᠣᠯᠤᠨ ᠠᠯᠪᠠᠨ ᠪᠤᠰᠤ ᠰᠤᠷᠭᠠᠯᠲᠠ ᠪᠠᠷ ᠪᠣᠯᠪᠠᠰᠤᠷᠠᠯ ᠡᠵᠡᠮᠰᠢᠭᠦᠯᠬᠦ᠂ ᠮᠡᠷᠭᠡᠵᠢᠯ ᠣᠯᠭᠣᠬᠤ᠂ ᠲᠡᠭᠦᠨ ᠦ ᠪᠣᠯᠪᠠᠰᠤᠷᠠᠯ᠂ ᠮᠡᠷᠭᠡᠰᠢᠯ ᠢ ᠳᠡᠭᠡᠭᠰᠢᠯᠡᠭᠦᠯᠬᠦ ᠲᠠᠯ᠎ᠠ ᠪᠠᠷ ᠪᠤᠰᠤᠳ ᠪᠠᠶᠢᠭᠤᠯᠤᠯᠭ᠎ᠠ ᠠᠴᠠ ᠵᠣᠬᠢᠶᠠᠵᠤ ᠪᠠᠶᠢᠭ᠎ᠠ ᠠᠵᠢᠯ ᠢ ᠲᠥᠷᠥ ᠶᠢᠨ ᠵᠠᠬᠢᠷᠭᠠᠨ ᠤ ᠪᠣᠯᠤᠨ ᠮᠡᠷᠭᠡᠵᠢᠯ ᠦᠨ ᠤᠳᠤᠷᠢᠳᠤᠯᠭ᠎ᠠ ᠪᠠᠷ ᠬᠠᠩᠭᠠᠬᠤ᠂ ᠵᠣᠬᠢᠴᠠᠭᠤᠯᠬᠤ;
28.1.6.ᠤᠳᠤᠷᠢᠳᠬᠤ ᠠᠵᠢᠯᠲᠠᠨ᠂ ᠪᠠᠭᠰᠢ ᠶᠢ ᠨᠢᠭᠡᠳᠦᠭᠰᠡᠨ ᠪᠣᠳᠣᠯᠭ᠎ᠠ᠂ ᠲᠣᠳᠣᠷᠬᠠᠢ ᠴᠢᠭᠯᠡᠯ ᠢᠶᠡᠷ ᠪᠡᠯᠡᠳᠬᠡᠬᠦ᠂ ᠳᠠᠪᠲᠠᠨ ᠰᠤᠷᠭᠠᠬᠤ᠂ ᠲᠡᠳᠡᠨ ᠦ ᠨᠡᠶᠢᠭᠡᠮ ᠤᠨ ᠪᠠᠲᠤᠯᠠᠭ᠎ᠠ ᠶᠢ ᠬᠠᠩᠭᠠᠬᠤ ᠠᠰᠠᠭᠤᠳᠠᠯ ᠢ ᠬᠣᠯᠪᠣᠭᠳᠠᠬᠤ ᠳᠡᠭᠡᠳᠦ ᠪᠠᠶᠢᠭᠤᠯᠤᠯᠭ᠎ᠠ ᠳᠤ ᠲᠠᠯᠪᠢᠵᠤ ᠰᠢᠢᠳᠪᠦᠷᠢᠯᠡᠭᠦᠯᠬᠦ᠂ ᠡᠨᠡ ᠲᠠᠯ᠎ᠠ ᠪᠠᠷ ᠭᠠᠷᠤᠭᠰᠠᠨ ᠰᠢᠢᠳᠪᠦᠷᠢ ᠶᠢᠨ ᠪᠡᠶᠡᠯᠡᠯᠲᠡ ᠶᠢ ᠬᠠᠩᠭᠠᠬᠤ;
28.1.7.ᠴᠡᠴᠡᠷᠯᠢᠭ᠂ ᠪᠦᠬᠦ ᠱᠠᠲᠤᠨ ᠤ ᠰᠤᠷᠭᠠᠭᠤᠯᠢ᠂ ᠪᠣᠯᠪᠠᠰᠤᠷᠠᠯ ᠤᠨ ᠡᠷᠳᠡᠮ ᠰᠢᠨᠵᠢᠯᠡᠭᠡ᠂ ᠮᠡᠷᠭᠡᠵᠢᠯ᠂ ᠠᠷᠭ᠎ᠠ ᠵᠦᠢ ᠶᠢᠨ ᠪᠠᠶᠢᠭᠤᠯᠤᠯᠭ᠎ᠠ ᠶᠢ ᠵᠣᠷᠢᠭᠤᠯᠤᠯᠲᠠ ᠶᠢᠨ ᠪᠠᠷᠢᠯᠭ᠎ᠠ ᠪᠠᠶᠢᠭᠤᠯᠤᠮᠵᠢ᠂ ᠲᠧᠭᠨᠢᠭ ᠬᠡᠷᠡᠭᠰᠡᠯ᠂ ᠲᠣᠨᠣᠭ ᠲᠥᠬᠥᠭᠡᠷᠦᠮᠵᠢ᠂ ᠬᠢᠴᠢᠶᠡᠯ ᠦᠨ ᠬᠡᠷᠡᠭᠯᠡᠭᠳᠡᠬᠦᠨ᠂ ᠨᠣᠮ᠂ ᠰᠤᠷᠬᠤ ᠪᠢᠴᠢᠭ ᠢᠶᠡᠷ ᠬᠠᠩᠭᠠᠬᠤ ᠠᠵᠢᠯ ᠢ ᠬᠣᠯᠪᠣᠭᠳᠠᠬᠤ ᠪᠠᠶᠢᠭᠤᠯᠤᠯᠭ᠎ᠠ ᠲᠠᠢ ᠬᠠᠮᠲᠤᠷᠠᠨ ᠵᠣᠬᠢᠶᠠᠨ ᠪᠠᠶᠢᠭᠤᠯᠬᠤ;
/ᠡᠨᠡ ᠵᠢᠭᠠᠯᠲᠠ ᠳᠤ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠨᠡᠮᠡᠯᠲᠡ ᠣᠷᠣᠭᠤᠯᠤᠭᠰᠠᠨ/
28.1.8.ᠪᠣᠯᠪᠠᠰᠤᠷᠠᠯ ᠤᠨ ᠬᠥᠲᠥᠯᠪᠦᠷᠢ᠂ ᠨᠣᠷᠮ᠎ᠠ᠂ ᠨᠣᠷᠮᠠᠲ᠋ᠢᠸ ᠢ ᠬᠡᠷᠬᠢᠨ ᠬᠡᠷᠡᠭᠵᠢᠭᠦᠯᠵᠦ ᠪᠠᠶᠢᠭ᠎ᠠ ᠶᠢ ᠲᠣᠭᠲᠠᠭᠠᠬᠤ ᠵᠣᠷᠢᠯᠭ᠎ᠠ ᠪᠠᠷ ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠶᠢᠨ ᠦᠢᠯᠡ ᠠᠵᠢᠯᠯᠠᠭ᠎ᠠ᠂ ᠰᠤᠷᠭᠠᠯᠲᠠ ᠶᠢᠨ ᠬᠥᠲᠥᠯᠪᠦᠷᠢ ᠶᠢᠨ ᠴᠢᠨᠠᠷ ᠲᠤ ᠦᠨᠡᠯᠡᠭᠡ ᠬᠢᠬᠦ᠂ ᠳ᠋ᠦᠩᠨᠡᠯᠲᠡ ᠭᠠᠷᠭᠠᠬᠤ᠂ ᠬᠡᠦᠬᠡᠳ ᠦᠨ ᠬᠥᠭᠵᠢᠯ ᠦᠨ ᠠᠬᠢᠴᠠ ᠳᠡᠪᠰᠢᠯ ᠢ ᠳᠡᠮᠵᠢᠬᠦ᠂ ᠪᠠᠲᠤᠯᠠᠭᠠᠵᠢᠭᠤᠯᠬᠤ ᠴᠢᠭᠯᠡᠯ ᠢᠶᠡᠷ ᠮᠡᠷᠭᠡᠵᠢᠯ ᠦᠨ ᠤᠳᠤᠷᠢᠳᠤᠯᠭ᠎ᠠ ᠪᠠᠷ ᠬᠠᠩᠭᠠᠬᠤ;
/ᠡᠨᠡ ᠵᠢᠭᠠᠯᠲᠠ ᠶᠢ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠥᠭᠡᠷᠡᠴᠢᠯᠡᠨ ᠨᠠᠶᠢᠷᠠᠭᠤᠯᠤᠭᠰᠠᠨ/
/ᠡᠨᠡ ᠵᠢᠭᠠᠯᠲᠠ ᠳᠤ 2009 ᠣᠨ ᠤ 2 ᠳ᠋ᠤᠭᠠᠷ ᠰᠠᠷ᠎ᠠ ᠶᠢᠨ 13 ᠍ ᠤ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
/ᠡᠨᠡ ᠵᠢᠭᠠᠯᠲᠠ ᠳᠤ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠥᠭᠡᠷᠡᠴᠢᠯᠡᠨ ᠨᠠᠶᠢᠷᠠᠭᠤᠯᠤᠭᠰᠠᠨ/
28.1.9.ᠲᠥᠷᠥ ᠶᠢᠨ ᠪᠤᠰᠤ ᠥᠮᠴᠢ ᠶᠢᠨ ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠳᠤ ᠬᠠᠤᠯᠢ ᠲᠣᠭᠲᠠᠭᠠᠮᠵᠢ ᠳᠤ ᠵᠢᠭᠠᠭᠰᠠᠨ ᠳᠡᠮᠵᠢᠯᠭᠡ᠂ ᠲᠤᠰᠠᠯᠠᠯᠴᠠᠭ᠎ᠠ ᠦᠵᠡᠭᠦᠯᠬᠦ;
28.1.10.ᠪᠣᠯᠪᠠᠰᠤᠷᠠᠯ ᠤᠨ ᠠᠰᠠᠭᠤᠳᠠᠯ ᠢᠶᠠᠷ ᠭᠠᠳᠠᠭᠠᠳᠤ ᠶᠢᠨ ᠪᠣᠯᠤᠨ ᠣᠯᠠᠨ ᠤᠯᠤᠰ ᠤᠨ ᠪᠠᠶᠢᠭᠤᠯᠤᠯᠭ᠎ᠠ ᠲᠠᠢ ᠬᠠᠮᠲᠤᠷᠠᠨ ᠠᠵᠢᠯᠯᠠᠬᠤ᠂ ᠦᠷ᠎ᠡ ᠥᠭᠭᠦᠭᠡᠴᠢ ᠶᠢ ᠳᠡᠭᠡᠭᠰᠢᠯᠡᠭᠦᠯᠬᠦ;
28.1.11.ᠭᠠᠳᠠᠭᠠᠳᠤ ᠶᠢᠨ ᠶᠡᠬᠡ ᠰᠤᠷᠭᠠᠭᠤᠯᠢ᠂ ᠳᠡᠭᠡᠳᠦ ᠰᠤᠷᠭᠠᠭᠤᠯᠢ᠂ ᠺᠣᠯᠯᠧᠵᠢ᠂ ᠡᠷᠳᠡᠮ ᠰᠢᠨᠵᠢᠯᠡᠭᠡᠨ ᠦ ᠪᠠᠶᠢᠭᠤᠯᠤᠯᠭ᠎ᠠ ᠳᠤ ᠬᠤᠪ ᠤᠨ ᠪᠣᠯᠤᠨ ᠪᠠᠶᠢᠭᠤᠯᠤᠯᠭ᠎ᠠ ᠶᠢᠨ ᠵᠠᠷᠤᠳᠠᠯ ᠢᠶᠠᠷ ᠰᠤᠷᠤᠯᠴᠠᠬᠤ ᠬᠦᠨᠳᠦ ᠵᠠᠭᠤᠴᠢᠯᠠᠬᠤ᠂ ᠮᠡᠳᠡᠭᠡᠯᠡᠯ ᠦᠨ ᠨᠢᠭᠡᠳᠦᠭᠰᠡᠨ ᠪᠦᠷᠢᠳᠬᠡᠯ ᠳᠦ ᠬᠠᠮᠤᠷᠤᠭᠤᠯᠬᠤ;
28.1.12.ᠪᠣᠯᠪᠠᠰᠤᠷᠠᠯ ᠤᠨ ᠡᠷᠳᠡᠮ ᠰᠢᠨᠵᠢᠯᠡᠭᠡ᠂ ᠠᠷᠭ᠎ᠠ ᠵᠦᠢ ᠶᠢᠨ ᠪᠠᠶᠢᠭᠤᠯᠤᠯᠭ᠎ᠠ᠂ ᠪᠣᠯᠪᠠᠰᠤᠷᠠᠯ ᠤᠨ ᠦᠨᠡᠯᠡᠭᠡᠨ ᠦ ᠪᠠᠶᠢᠭᠤᠯᠤᠯᠭ᠎ᠠ᠂ ᠠᠯᠪᠠᠨ ᠪᠤᠰᠤ ᠪᠣᠯᠪᠠᠰᠤᠷᠠᠯ ᠤᠨ ᠰᠤᠷᠭᠠᠯᠲᠠ᠂ ᠰᠤᠳᠤᠯᠭ᠎ᠠ᠂ ᠠᠷᠭ᠎ᠠ ᠵᠦᠢ ᠶᠢᠨ ᠪᠠᠶᠢᠭᠤᠯᠤᠯᠭ᠎ᠠ᠂ ᠲᠥᠷᠥ ᠶᠢᠨ ᠥᠮᠴᠢᠲᠤ ᠣᠯᠠᠨ ᠤᠯᠤᠰ ᠤᠨ ᠬᠥᠲᠥᠯᠪᠦᠷᠢ ᠶᠢᠨ ᠰᠤᠷᠭᠠᠯᠲᠠ ᠲᠠᠢ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠪᠣᠯᠤᠨ ᠶᠡᠷᠦᠩᠬᠡᠢ ᠪᠣᠯᠪᠠᠰᠤᠷᠠᠯ ᠤᠨ ᠯᠠᠪᠤᠷᠠᠲ᠋ᠣᠷᠢ ᠰᠤᠷᠭᠠᠭᠤᠯᠢ ᠶᠢᠨ ᠵᠠᠬᠢᠷᠤᠯ ᠢ ᠰᠣᠩᠭᠣᠨ ᠰᠢᠯᠭᠠᠷᠠᠭᠤᠯᠤᠯᠲᠠ ᠶᠢᠨ ᠳᠦᠩᠭᠡ ᠦᠨᠳᠦᠰᠦᠯᠡᠨ ᠲᠤᠮᠢᠯᠠᠬᠤ᠂ ᠬᠠᠤᠯᠢ ᠳᠤ ᠵᠢᠭᠠᠭᠰᠠᠨ ᠦᠨᠳᠦᠰᠦᠯᠡᠯ ᠢᠶᠡᠷ ᠴᠢᠯᠦᠭᠡᠯᠡᠬᠦ;
/ᠡᠨᠡ ᠵᠢᠭᠠᠯᠲᠠ ᠶᠢ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠥᠭᠡᠷᠡᠴᠢᠯᠡᠨ ᠨᠠᠶᠢᠷᠠᠭᠤᠯᠤᠭᠰᠠᠨ/
/ᠡᠨᠡ ᠵᠢᠭᠠᠯᠲᠠ ᠳᠤ 2009 ᠣᠨ ᠤ 2 ᠳ᠋ᠤᠭᠠᠷ ᠰᠠᠷ᠎ᠠ ᠶᠢᠨ 13 ᠍ ᠤ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
/ᠡᠨᠡ ᠵᠢᠭᠠᠯᠲᠠ ᠳᠤ 2012 ᠣᠨ ᠤ 5 ᠳ᠋ᠤᠭᠠᠷ ᠰᠠᠷ᠎ᠠ ᠶᠢᠨ 09 ᠍ ᠦ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
/ᠡᠨᠡ ᠵᠢᠭᠠᠯᠲᠠ ᠳᠤ 2012 ᠣᠨ ᠤ 12 ᠳ᠋ᠤᠭᠠᠷ ᠰᠠᠷ᠎ᠠ ᠶᠢᠨ 21 ᠍ ᠦ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
/ᠡᠨᠡ ᠵᠢᠭᠠᠯᠲᠠ ᠳᠤ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
28.1.13.ᠠᠶᠢᠮᠠᠭ᠂ ᠨᠡᠶᠢᠰᠯᠡᠯ ᠦᠨ ᠪᠣᠯᠪᠠᠰᠤᠷᠠᠯ ᠤᠨ ᠭᠠᠵᠠᠷ ᠢ ᠮᠡᠷᠭᠡᠵᠢᠯ ᠦᠨ ᠪᠣᠯᠤᠨ ᠠᠷᠭ᠎ᠠ ᠵᠦᠢ ᠶᠢᠨ ᠤᠳᠤᠷᠢᠳᠤᠯᠭ᠎ᠠ ᠪᠠᠷ ᠬᠠᠩᠭᠠᠬᠤ;
/ᠡᠨᠡ ᠵᠢᠭᠠᠯᠲᠠ ᠳᠤ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
28.1.14. ᠰᠤᠷᠤᠯᠴᠠᠭᠴᠢᠳ ᠬᠥᠩᠭᠡᠯᠡᠯᠲᠡ ᠲᠡᠢ ᠵᠡᠭᠡᠯᠢ ᠣᠯᠭᠣᠬᠤ᠂ ᠪᠤᠴᠠᠯᠲᠠ ᠦᠭᠡᠢ ᠲᠤᠰᠠᠯᠠᠮᠵᠢ ᠦᠵᠡᠭᠦᠯᠬᠦ᠂ ᠰᠤᠷᠭᠠᠯᠲᠠ ᠶᠢᠨ ᠲᠥᠯᠥᠪᠦᠷᠢ ᠶᠢ ᠲᠥᠷᠥ ᠬᠠᠷᠢᠭᠤᠴᠠᠬᠤ ᠠᠰᠠᠭᠤᠳᠠᠯ ᠢ ᠵᠠᠰᠠᠭ ᠤᠨ ᠭᠠᠵᠠᠷ ᠠᠴᠠ ᠪᠠᠲᠤᠯᠠᠭᠰᠠᠨ ᠵᠢᠷᠤᠮ ᠤᠨ ᠳᠠᠭᠠᠤ ᠰᠢᠢᠳᠪᠦᠷᠢᠯᠡᠬᠦ᠃
/ᠡᠨᠡ ᠵᠢᠭᠠᠯᠲᠠ ᠶᠢ 2006 ᠣᠨ ᠤ 6 ᠳ᠋ᠤᠭᠠᠷ ᠰᠠᠷ᠎ᠠ ᠶᠢᠨ 29 ᠍ ᠦ ᠡᠳᠦᠷ ᠦᠨ ᠬᠠᠤᠯᠢ ᠪᠠᠷ ᠨᠡᠮᠡᠭᠰᠡᠨ/
28.1.15.ᠪᠣᠯᠪᠠᠰᠤᠷᠠᠯ ᠤᠨ ᠦᠢᠯᠡᠴᠢᠯᠡᠭᠡ ᠰᠤᠷᠤᠯᠴᠠᠭᠴᠢ ᠶᠢᠨ ᠬᠡᠷᠡᠭᠴᠡᠭᠡ᠂ ᠱᠠᠭᠠᠷᠳᠠᠯᠭ᠎ᠠ ᠳᠤ ᠨᠡᠶᠢᠴᠡᠵᠦ᠂ ᠲᠡᠳᠡᠨ ᠦ ᠨᠡᠷ᠎ᠡ ᠲᠥᠷᠥ᠂ ᠡᠷᠬᠡ ᠴᠢᠯᠦᠭᠡ ᠶᠢ ᠬᠠᠩᠭᠠᠵᠤ ᠪᠠᠶᠢᠭ᠎ᠠ ᠡᠰᠡᠬᠦ ᠳᠦ ᠬᠢᠨᠠᠯᠲᠠ ᠲᠠᠯᠪᠢᠬᠤ ᠦᠢᠯᠡ ᠠᠵᠢᠯᠯᠠᠭ᠎ᠠ ᠶᠢ ᠮᠡᠷᠭᠡᠵᠢᠯ ᠦᠨ ᠤᠳᠤᠷᠢᠳᠤᠯᠭ᠎ᠠ ᠪᠠᠷ ᠬᠠᠩᠭᠠᠬᠤ;
/ᠡᠨᠡ ᠵᠢᠭᠠᠯᠲᠠ ᠶᠢ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠨᠡᠮᠡᠭᠰᠡᠨ/
28.1.16.ᠣᠷᠣᠨ ᠨᠤᠲᠤᠭ ᠤᠨ ᠠᠵᠢᠯᠯᠠᠬᠤ ᠬᠦᠴᠦᠨ ᠦ ᠬᠡᠷᠡᠭᠴᠡᠭᠡᠨ ᠳᠦ ᠦᠨᠳᠦᠰᠦᠯᠡᠨ ᠳᠡᠭᠡᠳᠦ ᠪᠣᠯᠪᠠᠰᠤᠷᠠᠯ ᠤᠨ ᠪᠠᠶᠢᠭᠤᠯᠤᠯᠭ᠎ᠠ ᠳᠤ ᠵᠣᠬᠢᠬᠤ ᠵᠢᠷᠤᠮ ᠤᠨ ᠳᠠᠭᠠᠤ ᠡᠯᠰᠡᠭᠰᠡᠨ ᠢᠷᠭᠡᠳ ᠡᠴᠡ ᠪᠣᠯᠪᠠᠰᠤᠷᠠᠯ ᠤᠨ ᠵᠡᠭᠡᠯᠢ ᠶᠢᠨ ᠰᠠᠩ ᠠᠴᠠ ᠪᠤᠴᠠᠯᠲᠠ ᠦᠭᠡᠢ ᠲᠤᠰᠠᠯᠠᠮᠵᠢ ᠪᠠᠷ ᠰᠤᠷᠤᠯᠴᠠᠭᠤᠯᠬᠤ ᠣᠶᠤᠲᠠᠨ ᠤ ᠲᠣᠭ᠎ᠠ ᠶᠢ ᠵᠢᠯ ᠪᠦᠷᠢ ᠠᠶᠢᠮᠠᠭ᠂ ᠨᠡᠶᠢᠰᠯᠡᠯ ᠢᠶᠡᠷ ᠲᠣᠭᠲᠠᠭᠠᠵᠤ᠂ ᠭᠡᠷ᠎ᠡ ᠶᠢᠨ ᠦᠨᠳᠦᠰᠦᠨ ᠳᠡᠭᠡᠷ᠎ᠡ ᠰᠤᠷᠤᠯᠴᠠᠭᠤᠯᠬᠤ ᠵᠢᠷᠤᠮ ᠪᠠᠲᠤᠯᠠᠵᠤ ᠬᠡᠷᠡᠭᠵᠢᠭᠦᠯᠬᠦ;
/ᠡᠨᠡ ᠵᠢᠭᠠᠯᠲᠠ ᠶᠢ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠨᠡᠮᠡᠭᠰᠡᠨ/
/ᠡᠨᠡ ᠵᠢᠭᠠᠯᠲᠠ ᠳᠤ 2016 ᠣᠨ ᠤ 9 ᠳᠦᠭᠡᠷ ᠰᠠᠷ᠎ᠠ ᠶᠢᠨ 07 ᠍ ᠤ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
28.1.17.ᠡᠨᠡ ᠬᠠᠤᠯᠢ ᠶᠢᠨ 28.1.16 ᠍ ᠳᠦ ᠵᠢᠭᠠᠭᠰᠠᠨ ᠭᠡᠷ᠎ᠡ ᠶᠢᠨ ᠦᠨᠳᠦᠰᠦᠨ ᠳᠡᠭᠡᠷ᠎ᠡ ᠳᠡᠭᠡᠳᠦ ᠪᠣᠯᠪᠠᠰᠤᠷᠠᠯ ᠡᠵᠡᠮᠰᠢᠭᠰᠡᠨ ᠪᠠᠭᠰᠢ᠂ ᠪᠣᠯᠪᠠᠰᠤᠷᠠᠯ᠂ ᠰᠤᠶᠤᠯ᠂ ᠡᠷᠳᠡᠮ ᠰᠢᠨᠵᠢᠯᠡᠭᠡᠨ ᠦ ᠠᠵᠢᠯᠲᠠᠨ ᠢ ᠣᠷᠣᠨ ᠨᠤᠲᠤᠭ ᠲᠤ ᠲᠣᠮᠢᠯᠠᠨ ᠠᠵᠢᠯᠯᠠᠭᠤᠯᠬᠤ;
/ᠡᠨᠡ ᠵᠢᠭᠠᠯᠲᠠ ᠶᠢ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠨᠡᠮᠡᠭᠰᠡᠨ/
28.1.18.ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠶᠢᠨ ᠤᠳᠤᠷᠢᠳᠬᠤ ᠠᠵᠢᠯᠲᠠᠨ᠂ ᠪᠠᠭᠰᠢ᠂ ᠣᠶᠤᠲᠠᠨ᠂ ᠰᠤᠷᠤᠭᠴᠢᠳ ᠤᠨ ᠶᠣᠰᠣ ᠵᠦᠢ ᠶᠢᠨ ᠳᠦᠷᠢᠮ ᠢ ᠪᠠᠲᠤᠯᠠᠵᠤ ᠮᠥᠷᠳᠡᠭᠦᠯᠬᠦ;
/ᠡᠨᠡ ᠵᠢᠭᠠᠯᠲᠠ ᠶᠢ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠨᠡᠮᠡᠭᠰᠡᠨ/
28.1.19.ᠲᠥᠷᠥ ᠶᠢᠨ ᠥᠮᠴᠢᠲᠤ ᠶᠡᠬᠡ ᠰᠤᠷᠭᠠᠭᠤᠯᠢ᠂ ᠳᠡᠭᠡᠳᠦ ᠰᠤᠷᠭᠠᠭᠤᠯᠢ᠂ ᠺᠣᠯᠯᠧᠵᠢ᠂ ᠪᠣᠯᠪᠠᠰᠤᠷᠠᠯ ᠤᠨ ᠡᠷᠳᠡᠮ ᠰᠢᠨᠵᠢᠯᠡᠭᠡ᠂ ᠠᠷᠭ᠎ᠠ ᠵᠦᠢ ᠶᠢᠨ ᠪᠠᠶᠢᠭᠤᠯᠤᠯᠭ᠎ᠠ᠂ ᠪᠠᠭᠰᠢ ᠶᠢᠨ ᠮᠡᠷᠭᠡᠵᠢᠯ ᠳᠡᠭᠡᠭᠰᠢᠯᠡᠭᠦᠯᠬᠦ ᠰᠤᠷᠭᠠᠯᠲᠠ᠂ ᠠᠷᠭ᠎ᠠ ᠵᠦᠢ ᠶᠢᠨ ᠪᠠᠶᠢᠭᠤᠯᠤᠯᠭ᠎ᠠ᠂ ᠪᠣᠯᠪᠠᠰᠤᠷᠠᠯ ᠤᠨ ᠮᠠᠭᠠᠳᠯᠠᠨ ᠢᠲᠡᠭᠡᠮᠵᠢᠯᠡᠬᠦ ᠦᠨᠳᠦᠰᠦᠨ ᠦ ᠵᠥᠪᠯᠡᠯ ᠦᠨ ᠠᠵᠢᠯ ᠤᠨ ᠠᠯᠪᠠ᠂ ᠨᠠᠰᠤᠨ ᠲᠤᠷᠰᠢ ᠶᠢᠨ ᠪᠣᠯᠪᠠᠰᠤᠷᠠᠯ ᠤᠨ ᠰᠤᠷᠭᠠᠯᠲᠠ᠂ ᠠᠷᠭ᠎ᠠ ᠵᠦᠢ ᠶᠢᠨ ᠪᠠᠶᠢᠭᠤᠯᠤᠯᠭ᠎ᠠ᠂ ᠲᠥᠷᠥ ᠶᠢᠨ ᠥᠮᠴᠢ ᠶᠢᠨ ᠣᠯᠠᠨ ᠤᠯᠤᠰ ᠤᠨ ᠬᠥᠲᠥᠯᠪᠦᠷᠢ ᠶᠢᠨ ᠰᠤᠷᠭᠠᠯᠲᠠ ᠲᠠᠢ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠶᠢᠨ ᠵᠠᠬᠢᠷᠤᠯ /ᠳᠠᠷᠤᠭ᠎ᠠ/ ᠍ ᠤᠨ ᠠᠵᠢᠯ ᠤᠨ ᠪᠠᠶᠢᠷᠢᠨ ᠤ ᠲᠣᠳᠣᠷᠬᠠᠶᠢᠯᠠᠯᠲᠠ ᠶᠢ ᠪᠠᠲᠤᠯᠠᠵᠤ ᠮᠥᠷᠳᠡᠭᠦᠯᠬᠦ;
/ᠡᠨᠡ ᠵᠢᠭᠠᠯᠲᠠ ᠶᠢ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠨᠡᠮᠡᠭᠰᠡᠨ/
/ᠡᠨᠡ ᠵᠢᠭᠠᠯᠲᠠ ᠳᠤ 2009 ᠣᠨ ᠤ 2 ᠳ᠋ᠤᠭᠠᠷ ᠰᠠᠷ᠎ᠠ ᠶᠢᠨ 13 ᠍ ᠤ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
/ᠡᠨᠡ ᠵᠢᠭᠠᠯᠲᠠ ᠳᠤ 2012 ᠣᠨ ᠤ 12 ᠳ᠋ᠤᠭᠠᠷ ᠰᠠᠷ᠎ᠠ ᠶᠢᠨ 21 ᠍ ᠦ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
/ᠡᠨᠡ ᠵᠢᠭᠠᠯᠲᠠ ᠳᠤ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠥᠭᠡᠷᠡᠴᠢᠯᠡᠨ ᠨᠠᠶᠢᠷᠠᠭᠤᠯᠤᠭᠰᠠᠨ/
28.1.20.ᠪᠣᠯᠪᠠᠰᠤᠷᠠᠯ ᠤᠨ ᠰᠲ᠋ᠠᠨᠳᠠᠷᠲ ᠢ ᠬᠡᠪᠯᠡᠬᠦ᠂ ᠲᠦᠭᠡᠭᠡᠬᠦ ᠠᠵᠢᠯ ᠢ ᠵᠣᠬᠢᠶᠠᠨ ᠪᠠᠶᠢᠭᠤᠯᠬᠤ;
/ᠡᠨᠡ ᠵᠢᠭᠠᠯᠲᠠ ᠶᠢ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠨᠡᠮᠡᠭᠰᠡᠨ/
28.1.21./ᠡᠨᠡ ᠵᠢᠭᠠᠯᠲᠠ ᠶᠢ 2009 ᠣᠨ ᠤ 2 ᠳ᠋ᠤᠭᠠᠷ ᠰᠠᠷ᠎ᠠ ᠶᠢᠨ 13 ᠍ ᠤ ᠡᠳᠦᠷ ᠦᠨ ᠬᠠᠤᠯᠢ ᠪᠠᠷ ᠨᠡᠮᠡᠭᠰᠡᠨ/
/ᠡᠨᠡ ᠵᠢᠭᠠᠯᠲᠠ ᠶᠢ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠬᠦᠴᠦᠨ ᠭᠦᠢ ᠪᠣᠯᠤᠭᠰᠠᠨ ᠳᠤ ᠲᠣᠭᠠᠴᠠᠭᠰᠠᠨ/
28.1.22.ᠴᠡᠴᠡᠷᠯᠢᠭ᠂ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ᠂ ᠨᠠᠰᠤᠨ ᠲᠤᠷᠰᠢ ᠶᠢᠨ ᠪᠣᠯᠪᠠᠰᠤᠷᠠᠯ ᠤᠨ ᠪᠠᠶᠢᠭᠤᠯᠤᠯᠭ᠎ᠠ ᠶᠢᠨ ᠪᠠᠭᠰᠢ᠂ ᠠᠵᠢᠯᠲᠠᠨ ᠤ ᠠᠵᠢᠯ ᠢ ᠦᠨᠡᠯᠡᠬᠦ᠂ ᠳᠦᠲᠦᠨᠡᠬᠦ᠂ ᠪᠠᠭᠰᠢᠯᠠᠬᠤ ᠡᠷᠬᠡ ᠣᠯᠭᠣᠬᠤ᠂ ᠠᠷᠭ᠎ᠠ ᠵᠦᠢᠴᠢ᠂ ᠪᠠᠭᠰᠢ᠂ ᠰᠤᠷᠭᠠᠯᠲᠠ ᠶᠢᠨ ᠮᠧᠨᠧᠵᠧᠷ ᠦᠨ ᠮᠡᠷᠭᠡᠵᠢᠯ ᠦᠨ ᠵᠡᠷᠭᠡ ᠣᠯᠭᠣᠬᠤ᠂ ᠬᠠᠰᠤᠬᠤ ᠵᠢᠷᠤᠮ ᠢ ᠪᠠᠲᠤᠯᠠᠬᠤ ᠪᠥᠭᠡᠳ ᠠᠯᠪᠠᠨ ᠲᠤᠰᠢᠶᠠᠯ ᠥᠭᠡᠷᠡᠴᠢᠯᠡᠭᠳᠡᠬᠦ ᠲᠣᠬᠢᠶᠠᠯᠳᠤᠯ ᠳᠤ ᠴᠡᠴᠡᠷᠯᠢᠭ᠂ ᠰᠤᠷᠭᠠᠭᠤᠯᠢ ᠶᠢᠨ ᠤᠳᠤᠷᠢᠳᠬᠤ ᠠᠯᠪᠠᠨ ᠲᠤᠰᠢᠶᠠᠯ ᠡᠷᠬᠢᠯᠡᠵᠦ ᠪᠠᠶᠢᠭ᠎ᠠ ᠪᠠᠭᠰᠢ ᠶᠢᠨ ᠮᠡᠷᠭᠡᠵᠢᠯ ᠦᠨ ᠵᠡᠷᠭᠡ ᠬᠡᠪ ᠢᠶᠡᠷ ᠬᠠᠳᠠᠭᠠᠯᠠᠭᠳᠠᠬᠤ;
/ᠡᠨᠡ ᠵᠢᠭᠠᠯᠲᠠ ᠶᠢ 2012 ᠣᠨ ᠤ 5 ᠳ᠋ᠤᠭᠠᠷ ᠰᠠᠷ᠎ᠠ ᠶᠢᠨ 09 ᠍ ᠦ ᠡᠳᠦᠷ ᠦᠨ ᠬᠠᠤᠯᠢ ᠪᠠᠷ ᠨᠡᠮᠡᠭᠰᠡᠨ/
/ᠡᠨᠡ ᠵᠢᠭᠠᠯᠲᠠ ᠳᠤ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠥᠭᠡᠷᠡᠴᠢᠯᠡᠨ ᠨᠠᠶᠢᠷᠠᠭᠤᠯᠤᠭᠰᠠᠨ/
28.1.23.ᠲᠥᠷᠥ ᠶᠢᠨ ᠥᠮᠴᠢ ᠶᠢᠨ ᠴᠡᠴᠡᠷᠯᠢᠭ᠂ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ᠂ ᠳᠣᠲᠣᠭᠤᠷ ᠪᠠᠶᠢᠷᠢᠨ ᠤ ᠬᠡᠦᠬᠡᠳ ᠦᠨ ᠬᠣᠭᠣᠯᠠ᠂ ᠬᠦᠨᠡᠰᠦᠨ ᠦ ᠬᠠᠩᠭᠠᠮᠵᠢ᠂ ᠦᠢᠯᠡᠴᠢᠯᠡᠭᠡ ᠦᠵᠡᠭᠦᠯᠬᠦ ᠵᠢᠷᠤᠮ ᠪᠠᠲᠤᠯᠠᠬᠤ;
/ᠡᠨᠡ ᠵᠢᠭᠠᠯᠲᠠ ᠶᠢ 2012 ᠣᠨ ᠤ 5 ᠳ᠋ᠤᠭᠠᠷ ᠰᠠᠷ᠎ᠠ ᠶᠢᠨ 09 ᠍ ᠦ ᠡᠳᠦᠷ ᠦᠨ ᠬᠠᠤᠯᠢ ᠪᠠᠷ ᠨᠡᠮᠡᠭᠰᠡᠨ/
28.1.24.ᠰᠤᠷᠭᠠᠭᠤᠯᠢ ᠶᠢᠨ ᠡᠮᠦᠨᠡᠬᠢ ᠪᠣᠯᠤᠨ ᠪᠠᠭ᠎ᠠ᠂ ᠳᠤᠮᠳᠠ ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠶᠢᠨ ᠪᠠᠭᠰᠢ᠂ ᠠᠵᠢᠯᠲᠠᠨ ᠤ ᠮᠡᠷᠭᠡᠵᠢᠯ ᠳᠡᠭᠡᠭᠰᠢᠯᠡᠭᠦᠯᠬᠦ ᠵᠢᠷᠤᠮ ᠪᠠᠲᠤᠯᠠᠬᠤ;
/ᠡᠨᠡ ᠵᠢᠭᠠᠯᠲᠠ ᠶᠢ 2012 ᠣᠨ ᠤ 5 ᠳ᠋ᠤᠭᠠᠷ ᠰᠠᠷ᠎ᠠ ᠶᠢᠨ 09 ᠍ ᠦ ᠡᠳᠦᠷ ᠦᠨ ᠬᠠᠤᠯᠢ ᠪᠠᠷ ᠨᠡᠮᠡᠭᠰᠡᠨ/
28.1.25.ᠲᠥᠷᠥ ᠶᠢᠨ ᠥᠮᠴᠢ ᠶᠢᠨ ᠣᠯᠠᠨ ᠤᠯᠤᠰ ᠤᠨ ᠬᠥᠲᠥᠯᠪᠦᠷᠢ ᠶᠢᠨ ᠰᠤᠷᠭᠠᠯᠲᠠ ᠲᠠᠢ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠪᠣᠯᠤᠨ ᠶᠡᠷᠦᠩᠬᠡᠢ ᠪᠣᠯᠪᠠᠰᠤᠷᠠᠯ ᠤᠨ ᠯᠠᠪᠤᠷᠠᠲ᠋ᠣᠷᠢ ᠰᠤᠷᠭᠠᠭᠤᠯᠢ ᠶᠢᠨ ᠲᠤᠰᠬᠠᠢ ᠠᠷᠭ᠎ᠠ ᠬᠡᠮᠵᠢᠶ᠎ᠡ᠂ ᠬᠥᠲᠥᠯᠪᠦᠷᠢ᠂ ᠲᠥᠯᠥᠪᠯᠡᠭᠡ᠂ ᠰᠤᠷᠭᠠᠯᠲᠠ ᠶᠢ ᠬᠡᠷᠡᠭᠵᠢᠭᠦᠯᠬᠦ ᠵᠢᠷᠤᠮ ᠪᠣᠯᠪᠠᠰᠤᠷᠠᠭᠤᠯᠵᠤ ᠪᠠᠲᠤᠯᠠᠬᠤ;
/ᠡᠨᠡ ᠵᠢᠭᠠᠯᠲᠠ ᠶᠢ 2012 ᠣᠨ ᠤ 5 ᠳ᠋ᠤᠭᠠᠷ ᠰᠠᠷ᠎ᠠ ᠶᠢᠨ 09 ᠍ ᠦ ᠡᠳᠦᠷ ᠦᠨ ᠬᠠᠤᠯᠢ ᠪᠠᠷ ᠨᠡᠮᠡᠭᠰᠡᠨ/
28.1.26.ᠭᠠᠳᠠᠭᠠᠳᠤ ᠤᠯᠤᠰ ᠲᠤ ᠠᠮᠢᠳᠤᠷᠠᠵᠤ ᠪᠠᠶᠢᠭ᠎ᠠ ᠮᠣᠩᠭᠣᠯ ᠤᠯᠤᠰ ᠤᠨ ᠬᠠᠷᠢᠶᠠᠲᠤ ᠬᠡᠦᠬᠡᠳ ᠲᠦ ᠮᠣᠩᠭᠣᠯ ᠬᠡᠯᠡ᠂ ᠲᠡᠦᠬᠡ᠂ ᠰᠤᠶᠤᠯ᠂ ᠶᠣᠰᠣ ᠵᠠᠩᠰᠢᠯ ᠵᠢᠭᠠᠵᠤ ᠰᠤᠷᠭᠠᠬᠤ ᠳᠤ ᠳᠡᠮᠵᠢᠯᠭᠡ᠂ ᠲᠤᠰᠠᠯᠠᠯᠴᠠᠭ᠎ᠠ ᠦᠵᠡᠭᠦᠯᠬᠦ;
/ᠡᠨᠡ ᠵᠢᠭᠠᠯᠲᠠ ᠶᠢ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠨᠡᠮᠡᠭᠰᠡᠨ/
28.1.27.ᠶᠡᠷᠦᠩᠬᠡᠢ ᠪᠣᠯᠪᠠᠰᠤᠷᠠᠯ ᠤᠨ ᠰᠤᠷᠭᠠᠭᠤᠯᠢ᠂ ᠴᠡᠴᠡᠷᠯᠢᠭ ᠦᠨ ᠪᠠᠭᠰᠢ᠂ ᠠᠯᠪᠠᠨ ᠲᠤᠰᠢᠶᠠᠯᠲᠠᠨ ᠳᠤ ᠲᠠᠯᠪᠢᠬᠤ ᠨᠡᠶᠢᠲᠡᠯᠢᠭ ᠱᠠᠭᠠᠷᠳᠠᠯᠭ᠎ᠠ᠂ ᠠᠵᠢᠯ ᠤᠨ ᠪᠠᠶᠢᠷᠢᠨ ᠤ ᠦᠯᠢᠭᠡᠷᠴᠢᠯᠡᠭᠰᠡᠨ ᠲᠣᠳᠣᠷᠬᠠᠶᠢᠯᠠᠯᠲᠠ ᠪᠠᠲᠤᠯᠠᠬᠤ;
/ᠡᠨᠡ ᠵᠢᠭᠠᠯᠲᠠ ᠶᠢ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠨᠡᠮᠡᠭᠰᠡᠨ/
28.1.28. ᠡᠨᠡ ᠬᠠᠤᠯᠢ ᠪᠣᠯᠤᠨ ᠪᠤᠰᠤᠳ ᠬᠠᠤᠯᠢ ᠳᠤ ᠵᠢᠭᠠᠭᠰᠠᠨ ᠪᠦᠷᠢᠨ ᠡᠷᠬᠡ᠃
/ᠡᠨᠡ ᠵᠢᠭᠠᠯᠲᠠ ᠶᠢᠨ ᠳ᠋ᠤᠭᠠᠷ ᠲᠤ 2006 ᠣᠨ ᠤ 6 ᠳ᠋ᠤᠭᠠᠷ ᠰᠠᠷ᠎ᠠ ᠶᠢᠨ 29 ᠍ ᠦ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
/ᠡᠨᠡ ᠵᠢᠭᠠᠯᠲᠠ ᠶᠢᠨ ᠳ᠋ᠤᠭᠠᠷ ᠲᠤ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
/ᠡᠨᠡ ᠵᠢᠭᠠᠯᠲᠠ ᠶᠢᠨ ᠳ᠋ᠤᠭᠠᠷ ᠲᠤ 2009 ᠣᠨ ᠤ 2 ᠳ᠋ᠤᠭᠠᠷ ᠰᠠᠷ᠎ᠠ ᠶᠢᠨ 13 ᠍ ᠤ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
/ᠡᠨᠡ ᠵᠢᠭᠠᠯᠲᠠ ᠶᠢᠨ ᠳ᠋ᠤᠭᠠᠷ ᠲᠤ 2012 ᠣᠨ ᠤ 5 ᠳ᠋ᠤᠭᠠᠷ ᠰᠠᠷ᠎ᠠ ᠶᠢᠨ 09 ᠍ ᠦ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
/ᠡᠨᠡ ᠵᠢᠭᠠᠯᠲᠠ ᠶᠢᠨ ᠳ᠋ᠤᠭᠠᠷ ᠲᠤ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
28.2./ᠡᠨᠡ ᠬᠡᠰᠡᠭ ᠢ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠨᠡᠮᠡᠭᠰᠡᠨ/
/ᠡᠨᠡ ᠬᠡᠰᠡᠭ ᠢ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠬᠦᠴᠦᠨ ᠭᠦᠢ ᠪᠣᠯᠤᠭᠰᠠᠨ ᠳᠤ ᠲᠣᠭᠠᠴᠠᠭᠰᠠᠨ/
28.3.ᠴᠡᠴᠡᠷᠯᠢᠭ᠂ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠶᠢᠨ ᠬᠡᠦᠬᠡᠳ ᠦᠨ ᠬᠣᠭᠣᠯᠠ᠂ ᠬᠦᠨᠡᠰᠦᠨ ᠦ ᠡᠷᠡᠭᠦᠯ᠂ ᠠᠶᠤᠯ ᠦᠭᠡᠢ ᠪᠠᠶᠢᠳᠠᠯ ᠢ ᠬᠠᠩᠭᠠᠬᠤ ᠳᠤ ᠴᠢᠭᠯᠡᠭᠰᠡᠨ ᠰᠲ᠋ᠠᠨᠳᠠᠷᠲ᠂ ᠨᠣᠷᠮ᠎ᠠ᠂ ᠨᠣᠷᠮᠠᠲ᠋ᠢᠸ ᠢ ᠪᠣᠯᠪᠠᠰᠤᠷᠠᠯ ᠤᠨ ᠠᠰᠠᠭᠤᠳᠠᠯ ᠡᠷᠬᠢᠯᠡᠭᠰᠡᠨ ᠲᠥᠷᠥ ᠶᠢᠨ ᠵᠠᠬᠢᠷᠭᠠᠨ ᠤ ᠲᠥᠪ ᠪᠠᠶᠢᠭᠤᠯᠤᠯᠭ᠎ᠠ ᠬᠣᠯᠪᠣᠭᠳᠠᠬᠤ ᠲᠥᠷᠥ ᠶᠢᠨ ᠵᠠᠬᠢᠷᠭᠠᠨ ᠤ ᠲᠥᠪ ᠪᠠᠶᠢᠭᠤᠯᠤᠯᠭ᠎ᠠ ᠲᠠᠢ ᠬᠠᠮᠲᠤᠷᠠᠨ ᠪᠣᠯᠪᠠᠰᠤᠷᠠᠭᠤᠯᠵᠤ᠂ ᠡᠷᠬᠡ ᠪᠦᠬᠦᠢ ᠪᠠᠶᠢᠭᠤᠯᠤᠯᠭ᠎ᠠ ᠪᠠᠲᠤᠯᠠᠨ᠎ᠠ᠃
/ᠡᠨᠡ ᠬᠡᠰᠡᠭ ᠢ 2012 ᠣᠨ ᠤ 5 ᠳ᠋ᠤᠭᠠᠷ ᠰᠠᠷ᠎ᠠ ᠶᠢᠨ 09 ᠍ ᠦ ᠡᠳᠦᠷ ᠦᠨ ᠬᠠᠤᠯᠢ ᠪᠠᠷ ᠨᠡᠮᠡᠭᠰᠡᠨ/
28.4.ᠰᠤᠷᠭᠠᠭᠤᠯᠢ ᠶᠢᠨ ᠨᠡᠶᠢᠭᠡᠮ ᠤᠨ ᠠᠵᠢᠯᠲᠠᠨ ᠳᠤ ᠮᠡᠷᠭᠡᠵᠢᠯ ᠦᠨ ᠵᠡᠷᠭᠡ᠂ ᠨᠡᠮᠡᠭᠳᠡᠯ ᠬᠥᠯᠥᠰᠥ ᠣᠯᠭᠣᠬᠤ ᠵᠢᠷᠤᠮ ᠢ ᠵᠠᠰᠠᠭ ᠤᠨ ᠭᠠᠵᠠᠷ ᠪᠠᠲᠤᠯᠠᠨ᠎ᠠ᠃
/ᠡᠨᠡ ᠬᠡᠰᠡᠭ ᠢ 2012 ᠣᠨ ᠤ 5 ᠳ᠋ᠤᠭᠠᠷ ᠰᠠᠷ᠎ᠠ ᠶᠢᠨ 09 ᠍ ᠦ ᠡᠳᠦᠷ ᠦᠨ ᠬᠠᠤᠯᠢ ᠪᠠᠷ ᠨᠡᠮᠡᠭᠰᠡᠨ/
ᠬᠡᠪᠯᠡᠬᠦ
281 ᠳ᠋ᠤᠭᠠᠷ ᠵᠦᠢᠯ᠃ ᠠᠶᠢᠮᠠᠭ᠂ ᠨᠡᠶᠢᠰᠯᠡᠯ ᠦᠨ ᠪᠣᠯᠪᠠᠰᠤᠷᠠᠯ ᠤᠨ ᠭᠠᠵᠠᠷ
281.1.ᠠᠶᠢᠮᠠᠭ᠂ ᠨᠡᠶᠢᠰᠯᠡᠯ ᠦᠨ ᠪᠣᠯᠪᠠᠰᠤᠷᠠᠯ ᠤᠨ ᠭᠠᠵᠠᠷ ᠳᠠᠷᠠᠭᠠᠬᠢ ᠪᠦᠷᠢᠨ ᠡᠷᠬᠡ ᠶᠢ ᠬᠡᠷᠡᠭᠵᠢᠭᠦᠯᠦᠨ᠎ᠡ᠄
281.1.1.ᠪᠣᠯᠪᠠᠰᠤᠷᠠᠯ ᠤᠨ ᠲᠤᠬᠠᠢ ᠬᠠᠤᠯᠢ ᠲᠣᠭᠲᠠᠭᠠᠮᠵᠢ ᠶᠢᠨ ᠬᠡᠷᠡᠭᠵᠢᠯᠲᠡ ᠶᠢ ᠣᠷᠣᠨ ᠨᠤᠲᠤᠭ ᠤᠨ ᠬᠡᠮᠵᠢᠶᠡᠨ ᠳᠦ ᠵᠣᠬᠢᠶᠠᠨ ᠪᠠᠶᠢᠭᠤᠯᠬᠤ;
281.1.2.ᠶᠡᠷᠦᠩᠬᠡᠢ ᠪᠣᠯᠪᠠᠰᠤᠷᠠᠯ ᠤᠨ ᠰᠤᠷᠭᠠᠭᠤᠯᠢ᠂ ᠴᠡᠴᠡᠷᠯᠢᠭ ᠪᠠᠶᠢᠭᠤᠯᠬᠤ ᠲᠤᠰᠬᠠᠢ ᠵᠥᠪᠰᠢᠶᠡᠷᠡᠯ ᠣᠯᠭᠣᠬᠤ ᠡᠰᠡᠬᠦ ᠲᠠᠯ᠎ᠠ ᠪᠠᠷ ᠳ᠋ᠦᠩᠨᠡᠯᠲᠡ ᠭᠠᠷᠭᠠᠵᠤ ᠠᠶᠢᠮᠠᠭ᠂ ᠨᠡᠶᠢᠰᠯᠡᠯ ᠦᠨ ᠵᠠᠰᠠᠭ ᠳᠠᠷᠤᠭ᠎ᠠ ᠳᠤ ᠰᠠᠨᠠᠯ ᠪᠣᠯᠭᠠᠬᠤ;
281.1.3.ᠪᠠᠭᠰᠢ᠂ ᠰᠤᠷᠤᠯᠴᠠᠭᠴᠢ ᠶᠢᠨ ᠬᠥᠳᠡᠯᠮᠦᠷᠢ ᠶᠢ ᠪᠣᠳᠠᠲᠠᠢ ᠦᠨᠡᠯᠡᠵᠦ᠂ ᠱᠠᠩᠨᠠᠵᠤ ᠤᠷᠮᠠᠰᠢᠭᠤᠯᠬᠤ᠂ ᠨᠡᠶᠢᠭᠡᠮ ᠤᠨ ᠪᠠᠲᠤᠯᠠᠭ᠎ᠠ ᠶᠢ ᠰᠠᠶᠢᠵᠢᠷᠠᠭᠤᠯᠬᠤ ᠳᠤ ᠳᠡᠮᠵᠢᠯᠭᠡ ᠦᠵᠡᠭᠦᠯᠬᠦ;
281.1.4.ᠪᠣᠯᠪᠠᠰᠤᠷᠠᠯ ᠤᠨ ᠪᠠᠶᠢᠭᠤᠯᠤᠯᠭ᠎ᠠ ᠶᠢᠨ ᠦᠢᠯᠡ ᠠᠵᠢᠯᠯᠠᠭᠠᠨ ᠳᠤ ᠬᠢᠨᠠᠯᠲᠠ ᠲᠠᠯᠪᠢᠬᠤ᠂ ᠬᠢᠨᠠᠯᠲᠠ ᠰᠢᠨᠵᠢᠯᠡᠭᠡ ᠬᠢᠬᠦ;
/ᠡᠨᠡ ᠵᠢᠭᠠᠯᠲᠠ ᠳᠤ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
281.1.5.ᠪᠣᠯᠪᠠᠰᠤᠷᠠᠯ ᠤᠨ ᠲᠠᠶᠢᠯᠤᠨ᠂ ᠮᠡᠳᠡᠭᠡ᠂ ᠮᠡᠳᠡᠭᠡᠯᠡᠯ ᠢ ᠬᠠᠤᠯᠢ ᠲᠣᠭᠲᠠᠭᠠᠮᠵᠢ ᠳᠤ ᠵᠢᠭᠠᠭᠰᠠᠨ ᠵᠢᠷᠤᠮ ᠤᠨ ᠳᠠᠭᠠᠤ ᠬᠣᠯᠪᠣᠭᠳᠠᠬᠤ ᠪᠠᠶᠢᠭᠤᠯᠤᠯᠭ᠎ᠠ ᠳᠤ ᠭᠠᠷᠭᠠᠵᠤ ᠥᠭᠬᠦ;
281.1.6.ᠣᠷᠣᠨ ᠨᠤᠲᠤᠭ ᠤᠨ ᠥᠮᠴᠢ ᠶᠢᠨ ᠴᠡᠴᠡᠷᠯᠢᠭ᠂ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠶᠢᠨ ᠬᠠᠮᠤᠷᠤᠨ ᠰᠤᠷᠭᠠᠬᠤ ᠲᠣᠭᠣᠷᠢᠭ ᠲᠣᠭᠲᠠᠭᠠᠬᠤ;
281.1.7.ᠣᠷᠣᠨ ᠨᠤᠲᠤᠭ ᠤᠨ ᠥᠮᠴᠢ ᠶᠢᠨ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ᠂ ᠴᠡᠴᠡᠷᠯᠢᠭ ᠦᠨ ᠵᠠᠬᠢᠷᠤᠯ᠂ ᠡᠷᠬᠢᠯᠡᠭᠴᠢ ᠶᠢ ᠰᠣᠩᠭᠣᠨ ᠰᠢᠯᠭᠠᠷᠠᠭᠤᠯᠬᠤ ᠠᠵᠢᠯ ᠢ ᠵᠣᠬᠢᠶᠠᠨ ᠪᠠᠶᠢᠭᠤᠯᠬᠤ;
281.1.8.ᠲᠥᠷᠥ ᠶᠢᠨ ᠪᠤᠰᠤ ᠥᠮᠴᠢ ᠶᠢᠨ ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠳᠤ ᠬᠠᠤᠯᠢ ᠲᠣᠭᠲᠠᠭᠠᠮᠵᠢ ᠳᠤ ᠵᠢᠭᠠᠭᠰᠠᠨ ᠳᠡᠮᠵᠢᠯᠭᠡ᠂ ᠲᠤᠰᠠᠯᠠᠯᠴᠠᠭ᠎ᠠ ᠦᠵᠡᠭᠦᠯᠬᠦ᠃
281.1.9.ᠠᠶᠢᠮᠠᠭ᠂ ᠳᠡᠭᠦᠷᠭᠡ ᠶᠢᠨ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠶᠢᠨ ᠰᠤᠷᠤᠭᠴᠢᠳ ᠤᠨ ᠳᠦᠷᠢᠮᠲᠦ ᠬᠤᠪᠴᠠᠰᠤᠨ ᠤ ᠨᠢᠭᠡᠳᠦᠭᠰᠡᠨ ᠵᠠᠭᠪᠤᠷ ᠢ ᠪᠠᠲᠤᠯᠠᠬᠤ᠃
/ᠡᠨᠡ ᠵᠢᠭᠠᠯᠲᠠ ᠶᠢ 2012 ᠣᠨ ᠤ 5 ᠳ᠋ᠤᠭᠠᠷ ᠰᠠᠷ᠎ᠠ ᠶᠢᠨ 09 ᠍ ᠦ ᠡᠳᠦᠷ ᠦᠨ ᠬᠠᠤᠯᠢ ᠪᠠᠷ ᠨᠡᠮᠡᠭᠰᠡᠨ/
281.1.10.ᠥᠮᠴᠢ ᠶᠢᠨ ᠪᠦᠬᠦ ᠬᠡᠯᠪᠡᠷᠢ ᠶᠢᠨ ᠴᠡᠴᠡᠷᠯᠢᠭ᠂ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠳᠤ ᠮᠡᠷᠭᠡᠵᠢᠯ᠂ ᠠᠷᠭ᠎ᠠ ᠵᠦᠢ ᠶᠢᠨ ᠳᠡᠮᠵᠢᠯᠭᠡ᠂ ᠲᠤᠰᠠᠯᠠᠯᠴᠠᠭ᠎ᠠ ᠦᠵᠡᠭᠦᠯᠬᠦ᠂ ᠪᠠᠭᠰᠢ᠂ ᠠᠵᠢᠯᠲᠠᠨ ᠤ ᠮᠡᠷᠭᠡᠵᠢᠯ ᠦᠨ ᠲᠠᠰᠤᠷᠠᠯᠲᠠ ᠦᠭᠡᠢ ᠬᠥᠭᠵᠢᠯ ᠢ ᠬᠠᠩᠭᠠᠬᠤ᠃
/ᠡᠨᠡ ᠵᠢᠭᠠᠯᠲᠠ ᠶᠢ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠨᠡᠮᠡᠭᠰᠡᠨ/
281.2.ᠨᠡᠶᠢᠰᠯᠡᠯ ᠦᠨ ᠳᠡᠭᠦᠷᠭᠡ ᠶᠢᠨ ᠪᠣᠯᠪᠠᠰᠤᠷᠠᠯ ᠤᠨ ᠬᠡᠯᠲᠡᠰ ᠦᠨ ᠬᠡᠷᠡᠭᠵᠢᠭᠦᠯᠬᠦ ᠴᠢᠭ ᠡᠭᠦᠷᠭᠡ ᠶᠢ ᠪᠣᠯᠪᠠᠰᠤᠷᠠᠯ ᠤᠨ ᠠᠰᠠᠭᠤᠳᠠᠯ ᠡᠷᠬᠢᠯᠡᠭᠰᠡᠨ ᠵᠠᠰᠠᠭ ᠤᠨ ᠭᠠᠵᠠᠷ ᠤᠨ ᠭᠡᠰᠢᠭᠦᠨ ᠲᠡᠢ ᠵᠥᠪᠰᠢᠯᠴᠡᠨ ᠨᠡᠶᠢᠰᠯᠡᠯ ᠦᠨ ᠵᠠᠰᠠᠭ ᠳᠠᠷᠤᠭ᠎ᠠ ᠲᠣᠭᠲᠠᠭᠠᠨ᠎ᠠ᠃
281.3.ᠨᠡᠶᠢᠰᠯᠡᠯ ᠦᠨ ᠪᠣᠯᠪᠠᠰᠤᠷᠠᠯ ᠤᠨ ᠭᠠᠵᠠᠷ ᠨᠢ ᠡᠨᠡ ᠬᠠᠤᠯᠢ ᠶᠢᠨ 281.1 ᠍ ᠳᠦ ᠵᠢᠭᠠᠭᠰᠠᠨ ᠴᠢᠭ ᠡᠭᠦᠷᠭᠡ ᠪᠡᠨ ᠨᠡᠶᠢᠰᠯᠡᠯ ᠦᠨ ᠳᠡᠭᠦᠷᠭᠡ ᠶᠢᠨ ᠪᠣᠯᠪᠠᠰᠤᠷᠠᠯ ᠤᠨ ᠬᠡᠯᠲᠡᠰ ᠢᠶᠡᠷ ᠳᠠᠮᠵᠢᠭᠤᠯᠤᠨ ᠬᠡᠷᠡᠭᠵᠢᠭᠦᠯᠵᠦ ᠪᠣᠯᠤᠨ᠎ᠠ᠃
/ᠡᠨᠡ ᠵᠦᠢᠯ ᠢ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠨᠡᠮᠡᠭᠰᠡᠨ/
ᠬᠡᠪᠯᠡᠬᠦ
29 ᠳᠦᠭᠡᠷ ᠵᠦᠢᠯ᠃ ᠠᠶᠢᠮᠠᠭ᠂ ᠨᠡᠶᠢᠰᠯᠡᠯ᠂ ᠰᠤᠮᠤ᠂ ᠳᠡᠭᠦᠷᠭᠡ ᠶᠢᠨ ᠢᠷᠭᠡᠳ ᠦᠨ ᠲᠥᠯᠥᠭᠡᠯᠡᠭᠴᠢᠳ ᠦᠨ ᠬᠤᠷᠠᠯ ᠤᠨ ᠪᠦᠷᠢᠨ ᠡᠷᠬᠡ
29.1.ᠠᠶᠢᠮᠠᠭ᠂ ᠨᠡᠶᠢᠰᠯᠡᠯ᠂ ᠰᠤᠮᠤ᠂ ᠳᠡᠭᠦᠷᠭᠡ ᠶᠢᠨ ᠢᠷᠭᠡᠳ ᠦᠨ ᠲᠥᠯᠥᠭᠡᠯᠡᠭᠴᠢᠳ ᠦᠨ ᠬᠤᠷᠠᠯ ᠲᠤᠬᠠᠢ ᠶᠢᠨ ᠨᠤᠲᠤᠭ ᠳᠡᠪᠢᠰᠬᠡᠷᠲᠦ ᠪᠡᠨ ᠪᠣᠯᠪᠠᠰᠤᠷᠠᠯ ᠤᠨ ᠠᠰᠠᠭᠤᠳᠠᠯ ᠢᠶᠠᠷ ᠳᠠᠷᠠᠭᠠᠬᠢ ᠪᠦᠷᠢᠨ ᠡᠷᠬᠡ ᠶᠢ ᠬᠡᠷᠡᠭᠵᠢᠭᠦᠯᠦᠨ᠎ᠡ᠄
29.1.1.ᠪᠣᠯᠪᠠᠰᠤᠷᠠᠯ ᠤᠨ ᠠᠰᠠᠭᠤᠳᠠᠯ ᠢᠶᠠᠷ ᠲᠤᠬᠠᠢ ᠶᠢᠨ ᠱᠠᠲᠤᠨ ᠤ ᠪᠠ ᠳ᠋ᠣᠣ ᠳᠤ ᠱᠠᠲᠤᠨ ᠤ ᠵᠠᠰᠠᠭ ᠳᠠᠷᠤᠭ᠎ᠠ ᠶᠢᠨ ᠲᠠᠶᠢᠯᠤᠨ ᠬᠡᠯᠡᠯᠴᠡᠵᠦ᠂ ᠴᠢᠭᠯᠡᠯ ᠥᠭᠬᠦ;
29.1.2.ᠣᠷᠣᠨ ᠨᠤᠲᠤᠭ ᠤᠨ ᠥᠮᠴᠢ ᠶᠢᠨ ᠪᠣᠯᠪᠠᠰᠤᠷᠠᠯ ᠤᠨ ᠪᠠᠶᠢᠭᠤᠯᠤᠯᠭ᠎ᠠ ᠶᠢ ᠬᠥᠭᠵᠢᠭᠦᠯᠬᠦ ᠲᠥᠯᠥᠪᠯᠡᠭᠡ ᠪᠠᠲᠤᠯᠠᠬᠤ᠂ ᠪᠡᠶᠡᠯᠡᠯᠲᠡ ᠳᠦ ᠬᠢᠨᠠᠯᠲᠠ ᠲᠠᠯᠪᠢᠬᠤ;
/ᠡᠨᠡ ᠵᠢᠭᠠᠯᠲᠠ ᠳᠤ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
29.1.3./ᠡᠨᠡ ᠵᠢᠭᠠᠯᠲᠠ ᠶᠢ 2003 ᠣᠨ ᠤ 1 ᠳᠦᠭᠡᠷ ᠰᠠᠷ᠎ᠠ ᠶᠢᠨ 3 ᠍ ᠤ ᠡᠳᠦᠷ ᠦᠨ ᠬᠠᠤᠯᠢ ᠪᠠᠷ ᠬᠦᠴᠦᠨ ᠭᠦᠢ ᠪᠣᠯᠭᠠᠭᠰᠠᠨ/
29.1.4. ᠬᠠᠤᠯᠢ ᠳᠤ ᠵᠢᠭᠠᠭᠰᠠᠨ ᠪᠤᠰᠤᠳ ᠪᠦᠷᠢᠨ ᠡᠷᠬᠡ᠃
ᠬᠡᠪᠯᠡᠬᠦ
30 ᠳ᠋ᠤᠭᠠᠷ ᠵᠦᠢᠯ᠃ ᠠᠶᠢᠮᠠᠭ᠂ ᠨᠡᠶᠢᠰᠯᠡᠯ ᠦᠨ ᠵᠠᠰᠠᠭ ᠳᠠᠷᠤᠭ᠎ᠠ ᠶᠢᠨ ᠪᠦᠷᠢᠨ ᠡᠷᠬᠡ
30.1.ᠠᠶᠢᠮᠠᠭ᠂ ᠨᠡᠶᠢᠰᠯᠡᠯ ᠦᠨ ᠵᠠᠰᠠᠭ ᠳᠠᠷᠤᠭ᠎ᠠ ᠲᠤᠬᠠᠢ ᠶᠢᠨ ᠨᠤᠲᠤᠭ ᠳᠡᠪᠢᠰᠬᠡᠷᠲᠦ ᠪᠡᠨ ᠪᠣᠯᠪᠠᠰᠤᠷᠠᠯ ᠤᠨ ᠠᠰᠠᠭᠤᠳᠠᠯ ᠢᠶᠠᠷ ᠳᠠᠷᠠᠭᠠᠬᠢ ᠪᠦᠷᠢᠨ ᠡᠷᠬᠡ ᠶᠢ ᠬᠡᠷᠡᠭᠵᠢᠭᠦᠯᠦᠨ᠎ᠡ᠄
30.1.1./ᠡᠨᠡ ᠵᠢᠭᠠᠯᠲᠠ ᠶᠢ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠬᠦᠴᠦᠨ ᠭᠦᠢ ᠪᠣᠯᠤᠭᠰᠠᠨ ᠳᠤ ᠲᠣᠭᠠᠴᠠᠭᠰᠠᠨ/
30.1.2.ᠢᠷᠭᠡᠨ ᠳᠦ ᠰᠠᠭᠤᠷᠢ ᠪᠣᠯᠪᠠᠰᠤᠷᠠᠯ ᠡᠵᠡᠮᠰᠢᠭᠦᠯᠬᠦ᠂ ᠮᠡᠷᠭᠡᠵᠢᠯ ᠲᠡᠢ ᠪᠣᠯᠪᠠᠰᠤᠨ ᠬᠦᠴᠦᠨ ᠪᠡᠯᠡᠳᠬᠡᠬᠦ᠂ ᠳᠠᠪᠲᠠᠨ ᠰᠤᠷᠭᠠᠬᠤ᠂ ᠮᠡᠷᠭᠡᠵᠢᠯ ᠡᠵᠡᠮᠰᠢᠭᠦᠯᠬᠦ ᠠᠷᠭ᠎ᠠ ᠬᠡᠮᠵᠢᠶᠡᠨ ᠦ ᠬᠥᠲᠥᠯᠪᠦᠷᠢ᠂ ᠲᠥᠯᠥᠪᠯᠡᠭᠡ ᠭᠠᠷᠭᠠᠵᠤ ᠬᠡᠷᠡᠭᠵᠢᠭᠦᠯᠬᠦ;
30.1.ᠽ. ᠣᠷᠣᠨ ᠨᠤᠲᠤᠭ ᠤᠨ ᠥᠮᠴᠢ ᠶᠢᠨ ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠪᠠᠶᠢᠭᠤᠯᠬᠤ᠂ ᠥᠭᠡᠷᠡᠴᠢᠯᠡᠬᠦ᠂ ᠲᠠᠲᠠᠨ ᠪᠠᠭᠤᠯᠭᠠᠬᠤ ᠠᠰᠠᠭᠤᠳᠠᠯ ᠢ ᠠᠶᠢᠮᠠᠭ᠂ ᠨᠡᠶᠢᠰᠯᠡᠯ ᠦᠨ ᠪᠣᠯᠪᠠᠰᠤᠷᠠᠯ ᠤᠨ ᠭᠠᠵᠠᠷ ᠤᠨ ᠳ᠋ᠦᠩᠨᠡᠯᠲᠡ ᠶᠢ ᠦᠨᠳᠦᠰᠦᠯᠡᠨ ᠰᠢᠢᠳᠪᠦᠷᠢᠯᠡᠬᠦ;
/ᠡᠨᠡ ᠵᠢᠭᠠᠯᠲᠠ ᠳᠤ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠨᠡᠮᠡᠯᠲᠡ ᠣᠷᠣᠭᠤᠯᠤᠭᠰᠠᠨ/
30.1.4. ᠥᠪᠡᠷ ᠦᠨ ᠣᠷᠣᠯᠭ᠎ᠠ ᠪᠠᠨ ᠨᠡᠮᠡᠭᠳᠡᠭᠦᠯᠬᠦ ᠳᠦ ᠨᠢ ᠪᠣᠯᠪᠠᠰᠤᠷᠠᠯ ᠤᠨ ᠪᠠᠶᠢᠭᠤᠯᠤᠯᠭ᠎ᠠ ᠳᠤ ᠳᠡᠮᠵᠢᠯᠭᠡ ᠦᠵᠡᠭᠦᠯᠬᠦ᠂ ᠲᠡᠳᠡᠭᠡᠷ ᠢ ᠬᠢᠴᠢᠶᠡᠯ ᠦᠨ ᠪᠣᠯᠤᠨ ᠳᠣᠲᠣᠭᠤᠷ ᠪᠠᠶᠢᠷᠢ᠂ ᠰᠤᠷᠭᠠᠯᠲᠠ ᠶᠢᠨ ᠲᠧᠭᠨᠢᠭ ᠬᠡᠷᠡᠭᠰᠡᠯ᠂ ᠲᠣᠨᠣᠭ ᠲᠥᠬᠥᠭᠡᠷᠦᠮᠵᠢ᠂ ᠨᠣᠮ᠂ ᠰᠤᠷᠬᠤ ᠪᠢᠴᠢᠭ ᠢᠶᠡᠷ ᠬᠠᠩᠭᠠᠬᠤ ᠠᠵᠢᠯ ᠢ ᠵᠣᠬᠢᠶᠠᠨ ᠪᠠᠶᠢᠭᠤᠯᠬᠤ;
/ᠡᠨᠡ ᠵᠢᠭᠠᠯᠲᠠ ᠳᠤ 2003 ᠣᠨ ᠤ 1 ᠳᠦᠭᠡᠷ ᠰᠠᠷ᠎ᠠ ᠶᠢᠨ 3 ᠍ ᠤ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
30.1.5.ᠲᠥᠷᠥ ᠶᠢᠨ ᠪᠤᠰᠤ ᠥᠮᠴᠢ ᠶᠢᠨ ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠳᠤ ᠬᠠᠤᠯᠢ ᠲᠣᠭᠲᠠᠭᠠᠮᠵᠢ ᠳᠤ ᠵᠢᠭᠠᠭᠰᠠᠨ ᠳᠡᠮᠵᠢᠯᠭᠡ᠂ ᠲᠤᠰᠠᠯᠠᠯᠴᠠᠭ᠎ᠠ ᠦᠵᠡᠭᠦᠯᠬᠦ;
30.1.6.ᠡᠨᠡ ᠬᠠᠤᠯᠢ ᠪᠣᠯᠤᠨ ᠠᠵᠤ ᠠᠬᠤᠢ ᠶᠢᠨ ᠦᠢᠯᠡ ᠠᠵᠢᠯᠯᠠᠭᠠᠨ ᠤ ᠲᠤᠰᠬᠠᠢ ᠵᠥᠪᠰᠢᠶᠡᠷᠡᠯ ᠦᠨ ᠲᠤᠬᠠᠢ ᠬᠠᠤᠯᠢ ᠳᠤ ᠵᠢᠭᠠᠭᠰᠠᠨ ᠵᠢᠷᠤᠮ ᠤᠨ ᠳᠠᠭᠠᠤ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ᠂ ᠴᠡᠴᠡᠷᠯᠢᠭ ᠦᠨ ᠦᠢᠯᠡ ᠠᠵᠢᠯᠯᠠᠭ᠎ᠠ ᠡᠷᠬᠢᠯᠡᠬᠦ ᠲᠤᠰᠬᠠᠢ ᠵᠥᠪᠰᠢᠶᠡᠷᠡᠯ ᠣᠯᠭᠣᠬᠤ;
/ᠡᠨᠡ ᠵᠢᠭᠠᠯᠲᠠ ᠳᠤ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠨᠡᠮᠡᠯᠲᠡ ᠣᠷᠣᠭᠤᠯᠤᠭᠰᠠᠨ/
/ᠡᠨᠡ ᠵᠢᠭᠠᠯᠲᠠ ᠳᠤ 2015 ᠣᠨ ᠤ 1 ᠳᠦᠭᠡᠷ ᠰᠠᠷ᠎ᠠ ᠶᠢᠨ 29 ᠍ ᠦ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
30.1.7. /ᠡᠨᠡ ᠵᠢᠭᠠᠯᠲᠠ ᠶᠢ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠬᠦᠴᠦᠨ ᠭᠦᠢ ᠪᠣᠯᠤᠭᠰᠠᠨ ᠳᠤ ᠲᠣᠭᠠᠴᠠᠭᠰᠠᠨ/
30.1.8. /ᠡᠨᠡ ᠵᠢᠭᠠᠯᠲᠠ ᠶᠢ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠬᠦᠴᠦᠨ ᠭᠦᠢ ᠪᠣᠯᠤᠭᠰᠠᠨ ᠳᠤ ᠲᠣᠭᠠᠴᠠᠭᠰᠠᠨ/
30.1.9. /ᠡᠨᠡ ᠵᠢᠭᠠᠯᠲᠠ ᠶᠢ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠬᠦᠴᠦᠨ ᠭᠦᠢ ᠪᠣᠯᠤᠭᠰᠠᠨ ᠳᠤ ᠲᠣᠭᠠᠴᠠᠭᠰᠠᠨ/
30.1.10./ᠡᠨᠡ ᠵᠢᠭᠠᠯᠲᠠ ᠶᠢ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠬᠦᠴᠦᠨ ᠭᠦᠢ ᠪᠣᠯᠤᠭᠰᠠᠨ ᠳᠤ ᠲᠣᠭᠠᠴᠠᠭᠰᠠᠨ/
30.1.11.ᠠᠶᠢᠮᠠᠭ᠂ ᠨᠡᠶᠢᠰᠯᠡᠯ ᠦᠨ ᠪᠣᠯᠪᠠᠰᠤᠷᠠᠯ ᠤᠨ ᠭᠠᠵᠠᠷ ᠤᠨ ᠳᠠᠷᠤᠭ᠎ᠠ ᠶᠢ ᠰᠣᠩᠭᠣᠨ ᠰᠢᠯᠭᠠᠷᠠᠭᠤᠯᠤᠯᠲᠠ ᠶᠢᠨ ᠳᠦᠩᠭᠡ ᠦᠨᠳᠦᠰᠦᠯᠡᠨ ᠪᠣᠯᠪᠠᠰᠤᠷᠠᠯ ᠤᠨ ᠠᠰᠠᠭᠤᠳᠠᠯ ᠡᠷᠬᠢᠯᠡᠭᠰᠡᠨ ᠵᠠᠰᠠᠭ ᠤᠨ ᠭᠠᠵᠠᠷ ᠤᠨ ᠭᠡᠰᠢᠭᠦᠨ ᠦ ᠵᠥᠪᠰᠢᠶᠡᠷᠡᠭᠰᠡᠨ ᠢᠶᠡᠷ ᠲᠤᠮᠢᠯᠠᠬᠤ᠂ ᠴᠢᠯᠦᠭᠡᠯᠡᠬᠦ;
/ᠡᠨᠡ ᠵᠢᠭᠠᠯᠲᠠ ᠳᠤ 2003 ᠣᠨ ᠤ 1 ᠳᠦᠭᠡᠷ ᠰᠠᠷ᠎ᠠ ᠶᠢᠨ 03 ᠍ ᠤ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
/ᠡᠨᠡ ᠵᠢᠭᠠᠯᠲᠠ ᠳᠤ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠥᠭᠡᠷᠡᠴᠢᠯᠡᠨ ᠨᠠᠶᠢᠷᠠᠭᠤᠯᠤᠭᠰᠠᠨ/
30.1.12.ᠦᠨᠳᠦᠰᠦᠨ ᠦ ᠴᠥᠭᠡᠩᠬᠢ ᠶᠢᠨ ᠪᠣᠯᠪᠠᠰᠤᠷᠠᠯ ᠡᠵᠡᠮᠰᠢᠬᠦ᠂ ᠰᠤᠶᠤᠯ᠂ ᠵᠠᠩ ᠵᠠᠩᠰᠢᠯ ᠢᠶᠠᠨ ᠥᠪᠯᠡᠬᠦ᠂ ᠰᠤᠷᠭᠠᠭᠤᠯᠢ ᠶᠢᠨ ᠤᠷᠴᠢᠨ ᠳᠤ ᠲᠥᠷᠥᠯᠬᠢ ᠬᠡᠯᠡ ᠪᠡᠷ ᠢᠶᠡᠨ ᠬᠠᠷᠢᠯᠴᠠᠬᠤ ᠨᠥᠬᠥᠴᠡᠯ ᠢ ᠪᠦᠷᠢᠳᠦᠭᠦᠯᠬᠦ ᠠᠵᠢᠯ ᠢ ᠵᠣᠬᠢᠶᠠᠨ ᠪᠠᠶᠢᠭᠤᠯᠬᠤ;
/ᠡᠨᠡ ᠵᠢᠭᠠᠯᠲᠠ ᠶᠢ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠨᠡᠮᠡᠭᠰᠡᠨ/
30.1.13.ᠴᠡᠴᠡᠷᠯᠢᠭ ᠢ ᠵᠣᠷᠢᠭᠤᠯᠤᠯᠲᠠ ᠶᠢᠨ ᠪᠠᠷᠢᠯᠭ᠎ᠠ ᠪᠠᠶᠢᠭᠤᠯᠤᠮᠵᠢ ᠪᠠᠷ᠂ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠶᠢ ᠬᠢᠴᠢᠶᠡᠯ ᠦᠨ ᠪᠣᠯᠤᠨ ᠳᠣᠲᠣᠭᠤᠷ ᠪᠠᠶᠢᠷᠢ ᠪᠠᠷ ᠬᠠᠩᠭᠠᠬᠤ᠂ ᠳᠣᠲᠣᠭᠤᠷ ᠪᠠᠶᠢᠷᠢᠨ ᠤ ᠬᠡᠦᠬᠡᠳ ᠦᠨ ᠬᠣᠭᠣᠯᠠ ᠬᠦᠨᠡᠰᠦᠨ ᠦ ᠬᠠᠩᠭᠠᠮᠵᠢ ᠶᠢ ᠵᠣᠬᠢᠬᠤ ᠵᠢᠷᠤᠮ ᠤᠨ ᠳᠠᠭᠠᠤ ᠰᠢᠢᠳᠪᠦᠷᠢᠯᠡᠬᠦ;
/ᠡᠨᠡ ᠵᠢᠭᠠᠯᠲᠠ ᠶᠢ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠨᠡᠮᠡᠭᠰᠡᠨ/
30.1.14. ᠣᠷᠣᠨ ᠨᠤᠲᠤᠭ ᠤᠨ ᠥᠮᠴᠢ ᠶᠢᠨ ᠮᠡᠷᠭᠡᠵᠢᠯ ᠦᠨ ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠶᠢᠨ ᠵᠠᠬᠢᠷᠤᠯ ᠢ ᠰᠣᠩᠭᠣᠨ ᠰᠢᠯᠭᠠᠷᠠᠭᠤᠯᠤᠯᠲᠠ ᠶᠢᠨ ᠳᠦᠩᠭᠡ ᠦᠨᠳᠦᠰᠦᠯᠡᠨ ᠲᠤᠮᠢᠯᠠᠬᠤ᠂ ᠬᠠᠤᠯᠢ ᠳᠤ ᠵᠢᠭᠠᠭᠰᠠᠨ ᠦᠨᠳᠦᠰᠦᠯᠡᠯ ᠢᠶᠡᠷ ᠠᠯᠪᠠᠨ ᠲᠤᠰᠢᠶᠠᠯ ᠠᠴᠠ ᠨᠢ ᠴᠢᠯᠦᠭᠡᠯᠡᠬᠦ;
/ᠡᠨᠡ ᠵᠢᠭᠠᠯᠲᠠ ᠶᠢ 2009 ᠣᠨ ᠤ 2 ᠳ᠋ᠤᠭᠠᠷ ᠰᠠᠷ᠎ᠠ ᠶᠢᠨ 13 ᠍ ᠤ ᠡᠳᠦᠷ ᠦᠨ ᠬᠠᠤᠯᠢ ᠪᠠᠷ ᠨᠡᠮᠡᠭᠰᠡᠨ/
30.1.15.ᠠᠶᠢᠮᠠᠭ᠂ ᠨᠡᠶᠢᠰᠯᠡᠯ ᠦᠨ ᠪᠣᠯᠪᠠᠰᠤᠷᠠᠯ ᠤᠨ ᠭᠠᠵᠠᠷ ᠤᠨ ᠰᠣᠩᠭᠣᠨ ᠰᠢᠯᠭᠠᠷᠠᠭᠤᠯᠤᠯᠲᠠ ᠶᠢᠨ ᠳᠦᠩᠭᠡ ᠦᠨᠳᠦᠰᠦᠯᠡᠨ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠶᠢᠨ ᠵᠠᠬᠢᠷᠤᠯ᠂ ᠴᠡᠴᠡᠷᠯᠢᠭ ᠦᠨ ᠡᠷᠬᠢᠯᠡᠭᠴᠢ ᠶᠢ ᠲᠤᠮᠢᠯᠠᠬᠤ᠂ ᠲᠡᠳᠡᠭᠡᠷ ᠢ ᠦᠷ᠎ᠡ ᠳᠦᠩ ᠦᠨ ᠭᠡᠷ᠎ᠡ ᠶᠢᠨ ᠬᠡᠷᠡᠭᠵᠢᠯᠲᠡ ᠪᠣᠯᠤᠨ ᠠᠶᠢᠮᠠᠭ᠂ ᠨᠡᠶᠢᠰᠯᠡᠯ ᠦᠨ ᠪᠣᠯᠪᠠᠰᠤᠷᠠᠯ ᠤᠨ ᠭᠠᠵᠠᠷ ᠤᠨ ᠰᠠᠨᠠᠯ ᠢ ᠦᠨᠳᠦᠰᠦᠯᠡᠨ ᠴᠢᠯᠦᠭᠡᠯᠡᠬᠦ;
/ᠡᠨᠡ ᠵᠢᠭᠠᠯᠲᠠ ᠶᠢ 2012 ᠣᠨ ᠤ 05 ᠳ᠋ᠤᠭᠠᠷ ᠰᠠᠷ᠎ᠠ ᠶᠢᠨ 09 ᠍ ᠦ ᠡᠳᠦᠷ ᠦᠨ ᠬᠠᠤᠯᠢ ᠪᠠᠷ ᠨᠡᠮᠡᠭᠰᠡᠨ/
30.1.16. ᠬᠠᠤᠯᠢ ᠳᠤ ᠵᠢᠭᠠᠭᠰᠠᠨ ᠪᠤᠰᠤᠳ ᠪᠦᠷᠢᠨ ᠡᠷᠬᠡ᠃
/ᠡᠨᠡ ᠵᠢᠭᠠᠯᠲᠠ ᠶᠢᠨ ᠳ᠋ᠤᠭᠠᠷ ᠲᠤ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
/ᠡᠨᠡ ᠵᠢᠭᠠᠯᠲᠠ ᠶᠢᠨ ᠳ᠋ᠤᠭᠠᠷ ᠲᠤ 2009 ᠣᠨ ᠤ 2 ᠳ᠋ᠤᠭᠠᠷ ᠰᠠᠷ᠎ᠠ ᠶᠢᠨ 13 ᠍ ᠤ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
/ᠡᠨᠡ ᠵᠢᠭᠠᠯᠲᠠ ᠶᠢᠨ ᠳ᠋ᠤᠭᠠᠷ ᠲᠤ 2012 ᠣᠨ ᠤ 5 ᠳ᠋ᠤᠭᠠᠷ ᠰᠠᠷ᠎ᠠ ᠶᠢᠨ 09 ᠍ ᠦ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
ᠬᠡᠪᠯᠡᠬᠦ
31 ᠳᠦᠭᠡᠷ ᠵᠦᠢᠯ᠃ ᠰᠤᠮᠤ᠂ ᠳᠡᠭᠦᠷᠭᠡ ᠶᠢᠨ ᠵᠠᠰᠠᠭ ᠳᠠᠷᠤᠭ᠎ᠠ ᠶᠢᠨ ᠪᠦᠷᠢᠨ ᠡᠷᠬᠡ
31.1.ᠰᠤᠮᠤ᠂ ᠳᠡᠭᠦᠷᠭᠡ ᠶᠢᠨ ᠵᠠᠰᠠᠭ ᠳᠠᠷᠤᠭ᠎ᠠ ᠲᠤᠬᠠᠢ ᠶᠢᠨ ᠨᠤᠲᠤᠭ ᠳᠡᠪᠢᠰᠬᠡᠷᠲᠦ ᠪᠡᠨ ᠪᠣᠯᠪᠠᠰᠤᠷᠠᠯ ᠤᠨ ᠠᠰᠠᠭᠤᠳᠠᠯ ᠢᠶᠠᠷ ᠳᠠᠷᠠᠭᠠᠬᠢ ᠪᠦᠷᠢᠨ ᠡᠷᠬᠡ ᠶᠢ ᠬᠡᠷᠡᠭᠵᠢᠭᠦᠯᠦᠨ᠎ᠡ᠄
31.1.1.ᠪᠣᠯᠪᠠᠰᠤᠷᠠᠯ ᠤᠨ ᠲᠤᠬᠠᠢ ᠬᠠᠤᠯᠢ ᠲᠣᠭᠲᠠᠭᠠᠮᠵᠢ ᠶᠢᠨ ᠬᠡᠷᠡᠭᠵᠢᠯᠲᠡ ᠶᠢ ᠵᠣᠬᠢᠶᠠᠨ ᠪᠠᠶᠢᠭᠤᠯᠬᠤ;
31.1.2.ᠬᠡᠦᠬᠡᠳ ᠲᠦ ᠰᠤᠷᠭᠠᠭᠤᠯᠢ ᠶᠢᠨ ᠡᠮᠦᠨᠡᠬᠢ ᠪᠣᠯᠤᠨ ᠪᠠᠭ᠎ᠠ᠂ ᠰᠠᠭᠤᠷᠢ᠂ ᠪᠦᠷᠢᠨ ᠳᠤᠮᠳᠠ ᠪᠣᠯᠪᠠᠰᠤᠷᠠᠯ ᠡᠵᠡᠮᠰᠢᠭᠦᠯᠬᠦ᠂ ᠢᠷᠭᠡᠨ ᠳᠦ ᠰᠠᠭᠤᠷᠢ ᠪᠣᠯᠪᠠᠰᠤᠷᠠᠯ ᠨᠥᠬᠥᠨ ᠡᠵᠡᠮᠰᠢᠭᠦᠯᠬᠦ ᠠᠵᠢᠯ ᠢ ᠵᠠᠬᠢᠷᠭᠠᠨ ᠤ ᠤᠳᠤᠷᠢᠳᠤᠯᠭ᠎ᠠ ᠪᠠᠷ ᠬᠠᠩᠭᠠᠬᠤ;
31.1.ᠽ/ᠡᠨᠡ ᠵᠢᠭᠠᠯᠲᠠ ᠶᠢ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠬᠦᠴᠦᠨ ᠭᠦᠢ ᠪᠣᠯᠤᠭᠰᠠᠨ ᠳᠤ ᠲᠣᠭᠠᠴᠠᠭᠰᠠᠨ/
31.1.4. /ᠡᠨᠡ ᠵᠢᠭᠠᠯᠲᠠ ᠶᠢ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠬᠦᠴᠦᠨ ᠭᠦᠢ ᠪᠣᠯᠤᠭᠰᠠᠨ ᠳᠤ ᠲᠣᠭᠠᠴᠠᠭᠰᠠᠨ/
31.1.5./ᠡᠨᠡ ᠵᠢᠭᠠᠯᠲᠠ ᠶᠢ 2012 ᠣᠨ ᠤ 5 ᠳ᠋ᠤᠭᠠᠷ ᠰᠠᠷ᠎ᠠ ᠶᠢᠨ 09 ᠍ ᠦ ᠡᠳᠦᠷ ᠦᠨ ᠬᠠᠤᠯᠢ ᠪᠠᠷ ᠬᠦᠴᠦᠨ ᠭᠦᠢ ᠪᠣᠯᠤᠭᠰᠠᠨ ᠳᠤ ᠲᠣᠭᠠᠴᠠᠭᠰᠠᠨ/
31.1.6./ᠡᠨᠡ ᠵᠢᠭᠠᠯᠲᠠ ᠶᠢ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠬᠦᠴᠦᠨ ᠭᠦᠢ ᠪᠣᠯᠤᠭᠰᠠᠨ ᠳᠤ ᠲᠣᠭᠠᠴᠠᠭᠰᠠᠨ/
31.1.7.ᠥᠪᠡᠷ ᠦᠨ ᠣᠷᠣᠯᠭ᠎ᠠ ᠪᠠᠨ ᠨᠡᠮᠡᠭᠳᠡᠭᠦᠯᠬᠦ ᠳᠦ ᠪᠣᠯᠪᠠᠰᠤᠷᠠᠯ ᠤᠨ ᠪᠠᠶᠢᠭᠤᠯᠤᠯᠭ᠎ᠠ ᠳᠤ ᠳᠡᠮᠵᠢᠯᠭᠡ ᠦᠵᠡᠭᠦᠯᠬᠦ;
/ᠡᠨᠡ ᠵᠢᠭᠠᠯᠲᠠ ᠳᠤ 2003 ᠣᠨ ᠤ 1 ᠳᠦᠭᠡᠷ ᠰᠠᠷ᠎ᠠ ᠶᠢᠨ 03 ᠍ ᠤ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
31.1.8./ᠡᠨᠡ ᠵᠢᠭᠠᠯᠲᠠ ᠶᠢ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠬᠦᠴᠦᠨ ᠭᠦᠢ ᠪᠣᠯᠤᠭᠰᠠᠨ ᠳᠤ ᠲᠣᠭᠠᠴᠠᠭᠰᠠᠨ/
31.1.9.ᠲᠥᠷᠥ ᠶᠢᠨ ᠪᠤᠰᠤ ᠥᠮᠴᠢ ᠶᠢᠨ ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠳᠤ ᠬᠠᠤᠯᠢ ᠲᠣᠭᠲᠠᠭᠠᠮᠵᠢ ᠳᠤ ᠵᠢᠭᠠᠭᠰᠠᠨ ᠳᠡᠮᠵᠢᠯᠭᠡ᠂ ᠲᠤᠰᠠᠯᠠᠯᠴᠠᠭ᠎ᠠ ᠦᠵᠡᠭᠦᠯᠬᠦ;
31.1.10./ᠡᠨᠡ ᠵᠢᠭᠠᠯᠲᠠ ᠶᠢ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠬᠦᠴᠦᠨ ᠭᠦᠢ ᠪᠣᠯᠤᠭᠰᠠᠨ ᠳᠤ ᠲᠣᠭᠠᠴᠠᠭᠰᠠᠨ/
31.1.11./ᠡᠨᠡ ᠵᠢᠭᠠᠯᠲᠠ ᠶᠢ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠬᠦᠴᠦᠨ ᠭᠦᠢ ᠪᠣᠯᠤᠭᠰᠠᠨ ᠳᠤ ᠲᠣᠭᠠᠴᠠᠭᠰᠠᠨ/
31.1.12. ᠬᠠᠤᠯᠢ ᠳᠤ ᠵᠢᠭᠠᠭᠰᠠᠨ ᠪᠤᠰᠤᠳ ᠪᠦᠷᠢᠨ ᠡᠷᠬᠡ᠃
ᠬᠡᠪᠯᠡᠬᠦ
32 ᠳ᠋ᠤᠭᠠᠷ ᠵᠦᠢᠯ᠃ ᠪᠠᠭ᠂ ᠬᠣᠷᠢᠶᠠᠨ ᠤ ᠵᠠᠰᠠᠭ ᠳᠠᠷᠤᠭ᠎ᠠ ᠶᠢᠨ ᠪᠦᠷᠢᠨ ᠡᠷᠬᠡ
32.1.ᠪᠠᠭ᠂ ᠬᠣᠷᠢᠶᠠᠨ ᠤ ᠵᠠᠰᠠᠭ ᠳᠠᠷᠤᠭ᠎ᠠ ᠳᠠᠷᠠᠭᠠᠬᠢ ᠪᠦᠷᠢᠨ ᠡᠷᠬᠡ ᠶᠢ ᠬᠡᠷᠡᠭᠵᠢᠭᠦᠯᠦᠨ᠎ᠡ᠄
32.1.1. ᠰᠤᠷᠭᠠᠭᠤᠯᠢ ᠶᠢᠨ ᠡᠮᠦᠨᠡᠬᠢ ᠪᠣᠯᠤᠨ ᠰᠠᠭᠤᠷᠢ ᠪᠣᠯᠪᠠᠰᠤᠷᠠᠯ ᠡᠵᠡᠮᠰᠢᠭᠦᠯᠬᠦ ᠰᠤᠷᠭᠠᠯᠲᠠ ᠳᠤ ᠬᠠᠷᠢᠶ᠎ᠠ ᠠᠶᠢᠯ ᠡᠷᠦᠬᠡ ᠶᠢᠨ ᠬᠡᠦᠬᠡᠳ ᠢ ᠬᠠᠮᠤᠷᠤᠭᠤᠯᠬᠤ;
32.1.2. ᠢᠷᠭᠡᠳ ᠦᠨ ᠪᠣᠯᠪᠠᠰᠤᠷᠠᠯ ᠡᠵᠡᠮᠰᠢᠭᠰᠡᠨ ᠪᠠᠶᠢᠳᠠᠯ ᠳᠤ ᠰᠤᠳᠤᠯᠭ᠎ᠠ ᠬᠢᠵᠦ᠂ ᠱᠠᠭᠠᠷᠳᠠᠯᠭ᠎ᠠ ᠲᠠᠢ ᠠᠰᠠᠭᠤᠳᠠᠯ ᠢ ᠬᠣᠯᠪᠣᠭᠳᠠᠬᠤ ᠪᠠᠶᠢᠭᠤᠯᠤᠯᠭ᠎ᠠ ᠳᠤ ᠲᠠᠯᠪᠢᠵᠤ ᠰᠢᠢᠳᠪᠦᠷᠢᠯᠡᠭᠦᠯᠬᠦ;
32.1.3. ᠰᠠᠭᠤᠷᠢ ᠪᠣᠯᠪᠠᠰᠤᠷᠠᠯ ᠡᠵᠡᠮᠰᠢᠭᠡ ᠦᠭᠡᠢ ᠢᠷᠭᠡᠨ ᠳᠦ ᠨᠥᠬᠥᠨ ᠡᠵᠡᠮᠰᠢᠭᠦᠯᠬᠦ ᠠᠵᠢᠯ ᠵᠣᠬᠢᠶᠠᠨ ᠪᠠᠶᠢᠭᠤᠯᠬᠤ᠃
ᠬᠡᠪᠯᠡᠬᠦ
33 ᠳ᠋ᠤᠭᠠᠷ ᠵᠦᠢᠯ᠃ ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠶᠢᠨ ᠤᠳᠤᠷᠢᠳᠤᠯᠭ᠎ᠠ
33.1.ᠥᠮᠴᠢ ᠶᠢᠨ ᠪᠦᠬᠦ ᠬᠡᠯᠪᠡᠷᠢ ᠶᠢᠨ ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠶᠢ ᠡᠭᠦᠰᠬᠡᠨ ᠪᠠᠶᠢᠭᠤᠯᠤᠭᠴᠢ ᠪᠤᠶᠤ ᠲᠡᠭᠦᠨ ᠦ ᠡᠷᠬᠡ ᠣᠯᠭᠤᠭᠰᠠᠨ ᠡᠲᠡᠭᠡᠳ ᠦᠨ ᠲᠣᠮᠢᠯᠠᠭᠰᠠᠨ ᠵᠠᠬᠢᠷᠤᠯ᠂ ᠡᠷᠬᠢᠯᠡᠭᠴᠢ ᠤᠳᠤᠷᠢᠳᠤᠨ᠎ᠠ᠃
/ᠡᠨᠡ ᠬᠡᠰᠡᠭ ᠢ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠥᠭᠡᠷᠡᠴᠢᠯᠡᠨ ᠨᠠᠶᠢᠷᠠᠭᠤᠯᠤᠭᠰᠠᠨ/
33.2.ᠵᠠᠬᠢᠷᠤᠯ᠂ ᠡᠷᠬᠢᠯᠡᠭᠴᠢ ᠨᠢ ᠰᠤᠷᠭᠠᠭᠤᠯᠢ ᠶᠢᠨ ᠡᠮᠦᠨᠡᠬᠢ ᠪᠣᠯᠪᠠᠰᠤᠷᠠᠯ ᠤᠨ ᠲᠤᠬᠠᠢ᠂ ᠪᠠᠭ᠎ᠠ᠂ ᠳᠤᠮᠳᠠ ᠪᠣᠯᠪᠠᠰᠤᠷᠠᠯ ᠤᠨ ᠲᠤᠬᠠᠢ᠂ ᠳᠡᠭᠡᠳᠦ ᠪᠣᠯᠪᠠᠰᠤᠷᠠᠯ ᠤᠨ ᠲᠤᠬᠠᠢ ᠪᠣᠯᠤᠨ ᠮᠡᠷᠭᠡᠵᠢᠯ ᠦᠨ ᠪᠣᠯᠪᠠᠰᠤᠷᠠᠯ᠂ ᠰᠤᠷᠭᠠᠯᠲᠠ ᠶᠢᠨ ᠲᠤᠬᠠᠢ ᠬᠠᠤᠯᠢ ᠳᠤ ᠵᠢᠭᠠᠭᠰᠠᠨ ᠡᠷᠬᠡ᠂ ᠡᠭᠦᠷᠭᠡ ᠶᠢ ᠬᠡᠷᠡᠭᠵᠢᠭᠦᠯᠦᠨ᠎ᠡ᠃
/ᠡᠨᠡ ᠬᠡᠰᠡᠭ ᠲᠦ 2008 ᠣᠨ ᠤ 5 ᠳ᠋ᠤᠭᠠᠷ ᠰᠠᠷ᠎ᠠ ᠶᠢᠨ 23 ᠍ ᠤ ᠡᠳᠦᠷ ᠦᠨ ᠬᠠᠤᠯᠢ ᠪᠠᠷ ᠨᠡᠮᠡᠯᠲᠡ ᠣᠷᠣᠭᠤᠯᠤᠭᠰᠠᠨ/
33.ᠽ ∙ ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠶᠢᠨ ᠵᠠᠬᠢᠷᠤᠯ᠂ ᠡᠷᠬᠢᠯᠡᠭᠴᠢ ᠨᠢ ᠣᠷᠣᠨ ᠲᠣᠭᠠᠨ ᠤ ᠪᠠᠶᠢᠨ᠎ᠠ᠃
ᠬᠡᠪᠯᠡᠬᠦ
ᠽ 4 ᠳᠦᠭᠡᠷ ᠵᠦᠢᠯ᠃ ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠶᠢᠨ ᠥᠪᠡᠷ ᠦᠨ ᠤᠳᠤᠷᠢᠳᠤᠯᠭ᠎ᠠ
34.1.ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠶᠢᠨ ᠥᠪᠡᠷ ᠦᠨ ᠤᠳᠤᠷᠢᠳᠤᠯᠭ᠎ᠠ ᠶᠢ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ᠂ ᠴᠡᠴᠡᠷᠯᠢᠭ ᠲᠦ ᠰᠤᠷᠭᠠᠭᠤᠯᠢ ᠶᠢᠨ ᠪᠣᠯᠤᠨ ᠴᠡᠴᠡᠷᠯᠢᠭ ᠦᠨ ᠵᠥᠪᠯᠡᠯ᠂ ᠶᠡᠬᠡ ᠰᠤᠷᠭᠠᠭᠤᠯᠢ᠂ ᠳᠡᠭᠡᠳᠦ ᠰᠤᠷᠭᠠᠭᠤᠯᠢ᠂ ᠺᠣᠯᠯᠧᠵᠢ᠂ ᠮᠡᠷᠭᠡᠵᠢᠯ ᠦᠨ ᠪᠣᠯᠪᠠᠰᠤᠷᠠᠯ᠂ ᠰᠤᠷᠭᠠᠯᠲᠠ ᠶᠢᠨ ᠪᠠᠶᠢᠭᠤᠯᠤᠯᠭ᠎ᠠ᠂ ᠲᠥᠷᠥ ᠶᠢᠨ ᠥᠮᠴᠢ ᠶᠢᠨ ᠣᠯᠠᠨ ᠤᠯᠤᠰ ᠤᠨ ᠬᠥᠲᠥᠯᠪᠦᠷᠢ ᠶᠢᠨ ᠰᠤᠷᠭᠠᠯᠲᠠ ᠲᠠᠢ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ᠂ ᠤᠯᠤᠰ ᠤᠨ ᠬᠡᠮᠵᠢᠶᠡᠨ ᠳᠦ ᠦᠢᠯᠡᠴᠢᠯᠡᠭᠡ ᠦᠵᠡᠭᠦᠯᠳᠡᠭ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠳᠤ᠂ ᠵᠠᠰᠠᠭ ᠤᠨ ᠭᠠᠵᠠᠷ ᠬᠣᠭᠣᠷᠣᠨᠳᠣ ᠶᠢᠨ ᠬᠡᠯᠡᠯᠴᠡᠭᠡᠷ ᠦᠨ ᠳᠠᠭᠠᠤ ᠪᠠᠶᠢᠭᠤᠯᠤᠭᠰᠠᠨ ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠳᠤ ᠤᠳᠤᠷᠢᠳᠬᠤ ᠵᠥᠪᠯᠡᠯ ᠲᠤᠰ ᠲᠤᠰ ᠬᠡᠷᠡᠭᠵᠢᠭᠦᠯᠦᠨ᠎ᠡ᠃ ᠰᠤᠷᠭᠠᠯᠲᠠ ᠡᠷᠬᠢᠯᠡᠬᠦ ᠴᠢᠭᠯᠡᠯ᠂ ᠨᠤᠲᠤᠭ ᠳᠡᠪᠢᠰᠬᠡᠷ ᠦᠨ ᠪᠠᠶᠢᠷᠢᠰᠢᠯ ᠢ ᠬᠠᠷᠠᠭᠠᠯᠵᠠᠨ ᠰᠤᠷᠭᠠᠭᠤᠯᠢ᠂ ᠴᠡᠴᠡᠷᠯᠢᠭ ᠦᠨ ᠵᠥᠪᠯᠡᠯ ᠪᠣᠯᠤᠨ ᠤᠳᠤᠷᠢᠳᠬᠤ ᠵᠥᠪᠯᠡᠯ ᠢ ᠳᠤᠮᠳᠠ ᠶᠢᠨ ᠬᠡᠯᠪᠡᠷᠢ ᠪᠡᠷ ᠪᠠᠶᠢᠭᠤᠯᠵᠤ ᠪᠣᠯᠤᠨ᠎ᠠ᠃
/ᠡᠨᠡ ᠬᠡᠰᠡᠭ ᠲᠦ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠨᠡᠮᠡᠯᠲᠡ᠂ ᠥᠭᠡᠷᠡᠴᠢᠯᠡᠯᠲᠡ ᠣᠷᠣᠭᠤᠯᠤᠭᠰᠠᠨ/
/ᠡᠨᠡ ᠬᠡᠰᠡᠭ ᠲᠦ 2009 ᠣᠨ ᠤ 2 ᠳ᠋ᠤᠭᠠᠷ ᠰᠠᠷ᠎ᠠ ᠶᠢᠨ 13 ᠍ ᠤ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
/ᠡᠨᠡ ᠬᠡᠰᠡᠭ ᠲᠦ 2016 ᠣᠨ ᠤ 4 ᠳᠡᠭᠡᠷ᠎ᠡ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠨᠡᠮᠡᠯᠲᠡ ᠣᠷᠣᠭᠤᠯᠤᠭᠰᠠᠨ/
34.2.ᠴᠡᠷᠢᠭ᠂ ᠴᠠᠭᠳᠠᠭ᠎ᠠ ᠶᠢᠨ ᠳᠡᠭᠡᠳᠦ ᠪᠣᠯᠪᠠᠰᠤᠷᠠᠯ ᠡᠵᠡᠮᠰᠢᠭᠦᠯᠬᠦ ᠰᠤᠷᠭᠠᠯᠲᠠ ᠶᠢᠨ ᠪᠠᠶᠢᠭᠤᠯᠤᠯᠭ᠎ᠠ ᠳᠤ ᠡᠨᠡ ᠬᠠᠤᠯᠢ ᠶᠢᠨ 34.1 ᠍ ᠳᠦ ᠵᠢᠭᠠᠭᠰᠠᠨ ᠵᠢᠭᠠᠯᠲᠠ ᠬᠠᠮᠢᠶᠠᠷᠬᠤ ᠦᠭᠡᠢ᠃
34.3./ᠡᠨᠡ ᠬᠡᠰᠡᠭ ᠢ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠨᠡᠮᠡᠭᠰᠡᠨ/
/ᠡᠨᠡ ᠬᠡᠰᠡᠭ ᠢ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠬᠦᠴᠦᠨ ᠭᠦᠢ ᠪᠣᠯᠤᠭᠰᠠᠨ ᠳᠤ ᠲᠣᠭᠠᠴᠠᠭᠰᠠᠨ/
34.4.ᠡᠨᠡ ᠬᠠᠤᠯᠢ ᠶᠢᠨ 34.1 ᠍ ᠳᠦ ᠵᠢᠭᠠᠭᠰᠠᠨ ᠵᠥᠪᠯᠡᠯ ᠦᠨ ᠦᠢᠯᠡ ᠠᠵᠢᠯᠯᠠᠭᠠᠨ ᠤ ᠦᠯᠢᠭᠡᠷᠴᠢᠯᠡᠭᠰᠡᠨ ᠳᠦᠷᠢᠮ ᠢ ᠪᠣᠯᠪᠠᠰᠤᠷᠠᠯ ᠤᠨ ᠠᠰᠠᠭᠤᠳᠠᠯ ᠡᠷᠬᠢᠯᠡᠭᠰᠡᠨ ᠵᠠᠰᠠᠭ ᠤᠨ ᠭᠠᠵᠠᠷ ᠤᠨ ᠭᠡᠰᠢᠭᠦᠨ ᠪᠠᠲᠤᠯᠠᠨ᠎ᠠ᠃
/ᠡᠨᠡ ᠬᠡᠰᠡᠭ ᠢ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠨᠡᠮᠡᠭᠰᠡᠨ/
ᠬᠡᠪᠯᠡᠬᠦ
35 ᠳ᠋ᠤᠭᠠᠷ ᠵᠦᠢᠯ᠃ ᠰᠤᠷᠭᠠᠭᠤᠯᠢ᠂ ᠴᠡᠴᠡᠷᠯᠢᠭ ᠦᠨ ᠵᠥᠪᠯᠡᠯ
35.1.ᠰᠤᠷᠭᠠᠭᠤᠯᠢ᠂ ᠴᠡᠴᠡᠷᠯᠢᠭ ᠦᠨ ᠵᠥᠪᠯᠡᠯ ᠨᠢ ᠪᠠᠭᠰᠢ᠂ ᠠᠵᠢᠯᠲᠠᠨ᠂ ᠰᠤᠷᠤᠭᠴᠢ᠂ ᠡᠴᠢᠭᠡ᠂ ᠡᠬᠡ᠂ ᠪᠤᠰᠤᠳ ᠪᠠᠶᠢᠭᠤᠯᠤᠯᠭ᠎ᠠ ᠶᠢᠨ ᠲᠥᠯᠥᠭᠡᠯᠡᠯ ᠲᠡᠢ ᠪᠠᠶᠢᠨ᠎ᠠ᠃ 9-11 ᠭᠡᠰᠢᠭᠦᠨ ᠲᠡᠢ ᠰᠤᠷᠭᠠᠭᠤᠯᠢ᠂ ᠴᠡᠴᠡᠷᠯᠢᠭ ᠦᠨ ᠵᠥᠪᠯᠡᠯ ᠢ 3 ᠵᠢᠯ ᠦᠨ ᠬᠤᠭᠤᠴᠠᠭ᠎ᠠ ᠪᠠᠷ ᠰᠣᠩᠭᠣᠨ᠎ᠠ᠃
35.2.ᠰᠤᠷᠭᠠᠭᠤᠯᠢ᠂ ᠴᠡᠴᠡᠷᠯᠢᠭ ᠦᠨ ᠵᠥᠪᠯᠡᠯᠳᠦ ᠤᠷᠤᠬᠤ ᠪᠠᠭᠰᠢ᠂ ᠠᠵᠢᠯᠲᠠᠨ᠂ ᠰᠤᠷᠤᠭᠴᠢ᠂ ᠡᠴᠢᠭᠡ᠂ ᠡᠬᠡ ᠶᠢᠨ ᠲᠥᠯᠥᠭᠡᠯᠡᠯ ᠢ ᠲᠡᠳᠡᠭᠡᠷ ᠦᠨ ᠬᠠᠮᠲᠤ ᠣᠯᠠᠨ ᠤ ᠬᠤᠷᠠᠯ ᠠᠴᠠ ᠲᠤᠰ ᠲᠤᠰ ᠰᠣᠩᠭᠣᠨ᠎ᠠ᠃
35.3.ᠰᠤᠷᠭᠠᠭᠤᠯᠢ᠂ ᠴᠡᠴᠡᠷᠯᠢᠭ ᠦᠨ ᠵᠥᠪᠯᠡᠯᠳᠦ ᠤᠷᠤᠬᠤ ᠪᠤᠰᠤᠳ ᠪᠠᠶᠢᠭᠤᠯᠤᠯᠭ᠎ᠠ ᠶᠢᠨ ᠲᠥᠯᠦᠭᠡᠯᠡᠯᠢ ᠶᠢ ᠡᠭᠦᠰᠬᠡᠨ ᠪᠠᠶᠢᠭᠤᠯᠤᠭᠴᠢ ᠶᠢᠨ ᠰᠠᠨᠠᠯ ᠢ ᠦᠨᠳᠦᠰᠦᠯᠡᠨ ᠰᠤᠷᠭᠠᠭᠤᠯᠢ᠂ ᠴᠡᠴᠡᠷᠯᠢᠭ ᠦᠨ ᠨᠡᠶᠢᠲᠡ ᠠᠵᠢᠯᠲᠠᠨ ᠤ ᠬᠤᠷᠠᠯ ᠠᠴᠠ ᠰᠣᠩᠭᠣᠨ᠎ᠠ᠃
35.4.ᠰᠤᠷᠭᠠᠭᠤᠯᠢ᠂ ᠴᠡᠴᠡᠷᠯᠢᠭ ᠦᠨ ᠵᠥᠪᠯᠡᠯ ᠨᠢ ᠳᠠᠷᠠᠭᠠᠬᠢ ᠴᠢᠭ ᠡᠭᠦᠷᠭᠡ ᠶᠢ ᠬᠡᠷᠡᠭᠵᠢᠭᠦᠯᠦᠨ᠎ᠡ᠄
35.4.1.ᠰᠤᠷᠭᠠᠭᠤᠯᠢ᠂ ᠴᠡᠴᠡᠷᠯᠢᠭ ᠦᠨ ᠬᠥᠭᠵᠢᠯ ᠦᠨ ᠪᠣᠳᠣᠯᠭ᠎ᠠ᠂ ᠬᠥᠲᠥᠯᠪᠦᠷᠢ᠂ ᠲᠥᠯᠥᠪᠯᠡᠭᠡ᠂ ᠳᠦᠷᠢᠮ᠂ ᠵᠢᠷᠤᠮ ᠪᠠᠲᠤᠯᠠᠬᠤ᠂ ᠬᠡᠷᠡᠭᠵᠢᠭᠦᠯᠬᠦ ᠳᠦ ᠨᠢ ᠳᠡᠮᠵᠢᠯᠭᠡ ᠦᠵᠡᠭᠦᠯᠬᠦ;
/ᠡᠨᠡ ᠵᠢᠭᠠᠯᠲᠠ ᠳᠤ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠥᠭᠡᠷᠡᠴᠢᠯᠡᠨ ᠨᠠᠶᠢᠷᠠᠭᠤᠯᠤᠭᠰᠠᠨ/
35.4.2.ᠰᠤᠷᠭᠠᠭᠤᠯᠢ᠂ ᠴᠡᠴᠡᠷᠯᠢᠭ ᠦᠨ ᠳᠢᠭ ᠵᠢᠷᠤᠮ᠂ ᠳᠣᠲᠣᠭᠠᠳᠤ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠶᠢ ᠲᠣᠳᠣᠷᠬᠠᠶᠢᠯᠠᠬᠤ;
35.4.3.ᠰᠤᠷᠭᠠᠭᠤᠯᠢ᠂ ᠴᠡᠴᠡᠷᠯᠢᠭ ᠦᠨ ᠦᠢᠯᠡ ᠠᠵᠢᠯᠯᠠᠭᠠᠨ ᠤ ᠲᠠᠶᠢᠯᠤᠨ ᠬᠡᠯᠡᠯᠴᠡᠬᠦ᠂ ᠦᠨᠡᠯᠡᠯᠲᠡ᠂ ᠳ᠋ᠦᠩᠨᠡᠯᠲᠡ ᠥᠭᠬᠦ;
35.4.4.ᠰᠤᠷᠭᠠᠯᠲᠠ ᠶᠢᠨ ᠴᠢᠨᠠᠷ᠂ ᠬᠡᠦᠬᠡᠳ ᠲᠥᠯᠦᠪᠰᠢᠭᠦᠯᠬᠦ᠂ ᠬᠠᠮᠠᠭᠠᠯᠠᠬᠤ᠂ ᠬᠥᠭᠵᠢᠭᠦᠯᠬᠦ ᠠᠵᠢᠯ ᠤᠨ ᠦᠷ᠎ᠡ ᠳᠦᠩ᠂ ᠲᠦᠪᠰᠢᠨ ᠢ ᠰᠠᠶᠢᠵᠢᠷᠠᠭᠤᠯᠬᠤ ᠲᠠᠯ᠎ᠠ ᠪᠠᠷ ᠰᠤᠷᠭᠠᠭᠤᠯᠢ᠂ ᠴᠡᠴᠡᠷᠯᠢᠭ ᠦᠨ ᠤᠳᠤᠷᠢᠳᠤᠯᠭ᠎ᠠ ᠪᠣᠯᠤᠨ ᠡᠭᠦᠰᠬᠡᠨ ᠪᠠᠶᠢᠭᠤᠯᠤᠭᠴᠢᠳ ᠰᠠᠨᠠᠯ ᠲᠠᠯᠪᠢᠬᠤ;
/ᠡᠨᠡ ᠵᠢᠭᠠᠯᠲᠠ ᠶᠢ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠥᠭᠡᠷᠡᠴᠢᠯᠡᠨ ᠨᠠᠶᠢᠷᠠᠭᠤᠯᠤᠭᠰᠠᠨ/
35.4.5.ᠵᠠᠬᠢᠷᠤᠯ᠂ ᠡᠷᠬᠢᠯᠡᠭᠴᠢ ᠶᠢᠨ ᠦᠢᠯᠡ ᠠᠵᠢᠯᠯᠠᠭᠠᠨ ᠳᠤ ᠬᠥᠨᠳᠡᠯᠡᠩ ᠦᠨ ᠬᠢᠨᠠᠯᠲᠠ ᠲᠠᠯᠪᠢᠬᠤ᠂ ᠳᠡᠮᠵᠢᠯᠭᠡ ᠦᠵᠡᠭᠦᠯᠬᠦ;
35.4.6.ᠪᠠᠭᠰᠢ᠂ ᠰᠤᠷᠤᠭᠴᠢ᠂ ᠠᠵᠢᠯᠲᠠᠨ ᠤ ᠡᠷᠬᠡ ᠠᠰᠢᠭ ᠢ ᠬᠠᠮᠠᠭᠠᠯᠠᠬᠤ;
35.4.7./ᠡᠨᠡ ᠵᠢᠭᠠᠯᠲᠠ ᠶᠢ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠬᠦᠴᠦᠨ ᠭᠦᠢ ᠪᠣᠯᠤᠭᠰᠠᠨ ᠳᠤ ᠲᠣᠭᠠᠴᠠᠭᠰᠠᠨ/
35.4.8.ᠰᠤᠷᠭᠠᠯᠲᠠ ᠶᠢᠨ ᠲᠥᠯᠥᠪᠦᠷᠢ ᠶᠢᠨ ᠬᠡᠮᠵᠢᠶ᠎ᠡ ᠶᠢ ᠵᠣᠬᠢᠬᠤ ᠵᠢᠷᠤᠮ ᠤᠨ ᠳᠠᠭᠠᠤ ᠲᠣᠭᠲᠠᠭᠠᠬᠤ᠃
/ᠡᠨᠡ ᠵᠢᠭᠠᠯᠲᠠ ᠶᠢ 2012 ᠣᠨ ᠤ 5 ᠳ᠋ᠤᠭᠠᠷ ᠰᠠᠷ᠎ᠠ ᠶᠢᠨ 09 ᠍ ᠦ ᠡᠳᠦᠷ ᠦᠨ ᠬᠠᠤᠯᠢ ᠪᠠᠷ ᠨᠡᠮᠡᠭᠰᠡᠨ/
35.4.9.ᠰᠤᠷᠭᠠᠭᠤᠯᠢ᠂ ᠴᠡᠴᠡᠷᠯᠢᠭ ᠦᠨ ᠬᠥᠷᠥᠩᠭᠡ ᠣᠷᠣᠭᠤᠯᠤᠯᠲᠠ᠂ ᠲᠥᠰᠥᠪ ᠦᠨ ᠲᠥᠯᠥᠪᠯᠡᠯᠲᠡᠳ ᠰᠠᠨᠠᠯ ᠥᠭᠬᠦ᠂ ᠵᠠᠶᠢᠯᠠᠰᠢ ᠦᠭᠡᠢ ᠨᠥᠬᠥᠴᠡᠯ ᠪᠠᠶᠢᠳᠠᠯ ᠤᠨ ᠤᠯᠠᠮ ᠠᠴᠠ ᠬᠡᠦᠬᠡᠳ ᠢᠶᠡᠨ 6 ᠨᠠᠰᠤᠨ ᠠᠴᠠ ᠨᠢ ᠰᠤᠷᠭᠠᠭᠤᠯᠢ ᠳᠤ ᠡᠯᠰᠡᠭᠦᠯᠬᠦ ᠪᠣᠯᠤᠮᠵᠢ ᠦᠭᠡᠢ ᠲᠠᠯ᠎ᠠ ᠪᠠᠷ ᠮᠠᠯᠴᠢᠨ ᠡᠴᠢᠭᠡ᠂ ᠡᠬᠡ ᠶᠢᠨ ᠭᠠᠷᠭᠠᠭᠰᠠᠨ ᠬᠦᠰᠡᠯᠲᠡ ᠶᠢ ᠦᠨᠳᠦᠰᠦᠯᠡᠵᠦ ᠰᠢᠢᠳᠪᠦᠷᠢᠯᠡᠬᠦ;
/ᠡᠨᠡ ᠵᠢᠭᠠᠯᠲᠠ ᠶᠢ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠨᠡᠮᠡᠭᠰᠡᠨ/
35.4.10.ᠰᠤᠷᠭᠠᠭᠤᠯᠢ᠂ ᠴᠡᠴᠡᠷᠯᠢᠭ ᠦᠨ ᠪᠠᠲᠤᠯᠠᠭᠳᠠᠭᠰᠠᠨ ᠲᠥᠰᠥᠪ᠂ ᠰᠠᠩ ᠤᠨ ᠵᠠᠷᠤᠴᠠᠭᠤᠯᠤᠯᠲᠠ ᠳᠤ ᠬᠢᠨᠠᠯᠲᠠ ᠲᠠᠯᠪᠢᠬᠤ᠂ ᠲᠥᠰᠥᠪ ᠦᠨ ᠭᠦᠢᠴᠡᠳᠬᠡᠯ᠂ ᠰᠠᠩᠬᠦᠦ ᠶᠢᠨ ᠲᠠᠶᠢᠯᠠᠩ ᠳᠤ ᠬᠢᠭᠰᠡᠨ ᠠᠦ᠋ᠳᠢᠲ ᠤᠨ ᠳ᠋ᠦᠩᠨᠡᠯᠲᠡ ᠲᠡᠢ ᠲᠠᠨᠢᠯᠴᠠᠬᠤ᠂ ᠮᠡᠳᠡᠭᠡᠯᠡᠬᠦ;
/ᠡᠨᠡ ᠵᠢᠭᠠᠯᠲᠠ ᠶᠢ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠨᠡᠮᠡᠭᠰᠡᠨ/
35.4.11.ᠰᠤᠷᠭᠠᠭᠤᠯᠢ᠂ ᠴᠡᠴᠡᠷᠯᠢᠭ ᠦᠨ ᠵᠥᠪᠯᠡᠯ ᠦᠨ ᠦᠢᠯᠡ ᠠᠵᠢᠯᠯᠠᠭᠠᠨ ᠤ ᠲᠠᠶᠢᠯᠠᠩ ᠢ ᠭᠠᠷᠭᠠᠵᠤ᠂ ᠬᠠᠮᠲᠤ ᠣᠯᠠᠨ ᠤ ᠬᠤᠷᠠᠯ ᠳᠤ ᠲᠠᠶᠢᠯᠤᠩᠨᠠᠬᠤ᠃
/ᠡᠨᠡ ᠵᠢᠭᠠᠯᠲᠠ ᠶᠢ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠨᠡᠮᠡᠭᠰᠡᠨ/
35.5./ᠡᠨᠡ ᠬᠡᠰᠡᠭ ᠢ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠬᠦᠴᠦᠨ ᠭᠦᠢ ᠪᠣᠯᠤᠭᠰᠠᠨ ᠳᠤ ᠲᠣᠭᠠᠴᠠᠭᠰᠠᠨ/
35.6./ᠡᠨᠡ ᠬᠡᠰᠡᠭ ᠢ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠬᠦᠴᠦᠨ ᠭᠦᠢ ᠪᠣᠯᠤᠭᠰᠠᠨ ᠳᠤ ᠲᠣᠭᠠᠴᠠᠭᠰᠠᠨ/
35.7.ᠡᠨᠡ ᠬᠠᠤᠯᠢ ᠶᠢᠨ 35.4.8 ᠳᠠᠬᠢ ᠵᠢᠭᠠᠯᠲᠠ ᠨᠢ ᠵᠥᠪᠬᠡᠨ ᠲᠥᠷᠥ ᠶᠢᠨ ᠥᠮᠴᠢ ᠶᠢᠨ ᠪᠤᠰᠤ ᠰᠤᠷᠭᠠᠭᠤᠯᠢ᠂ ᠴᠡᠴᠡᠷᠯᠢᠭ ᠦᠨ ᠵᠥᠪᠯᠡᠯᠳᠦ ᠬᠠᠮᠢᠶᠠᠷᠤᠨ᠎ᠠ᠃
/ᠡᠨᠡ ᠬᠡᠰᠡᠭ ᠢ 2012 ᠣᠨ ᠤ 5 ᠳ᠋ᠤᠭᠠᠷ ᠰᠠᠷ᠎ᠠ ᠶᠢᠨ 09 ᠍ ᠦ ᠡᠳᠦᠷ ᠦᠨ ᠬᠠᠤᠯᠢ ᠪᠠᠷ ᠨᠡᠮᠡᠭᠰᠡᠨ/
ᠬᠡᠪᠯᠡᠬᠦ
36 ᠳ᠋ᠤᠭᠠᠷ ᠵᠦᠢᠯ᠃ ᠤᠳᠤᠷᠢᠳᠬᠤ ᠵᠥᠪᠯᠡᠯ
36.1.ᠤᠳᠤᠷᠢᠳᠬᠤ ᠵᠥᠪᠯᠡᠯ ᠨᠢ ᠡᠭᠦᠰᠬᠡᠨ ᠪᠠᠶᠢᠭᠤᠯᠤᠭᠴᠢ᠂ ᠪᠠᠭᠰᠢ᠂ ᠰᠤᠷᠤᠯᠴᠠᠭᠴᠢ᠂ ᠲᠡᠭᠦᠰᠦᠭᠴᠢ ᠶᠢᠨ ᠲᠥᠯᠥᠭᠡᠯᠡᠯ ᠲᠡᠢ ᠪᠠᠶᠢᠨ᠎ᠠ᠃
/ᠡᠨᠡ ᠬᠡᠰᠡᠭ ᠲᠦ 2009 ᠣᠨ ᠤ 02 ᠳ᠋ᠤᠭᠠᠷ ᠰᠠᠷ᠎ᠠ ᠶᠢᠨ 13 ᠍ ᠤ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
36.2.ᠤᠳᠤᠷᠢᠳᠬᠤ ᠵᠥᠪᠯᠡᠯ ᠦᠨ ᠪᠦᠷᠢᠯᠳᠦᠬᠦᠨ ᠦ 51-6 ᠣ ᠬᠤᠪᠢ ᠨᠢ ᠡᠭᠦᠰᠬᠡᠨ ᠪᠠᠶᠢᠭᠤᠯᠤᠭᠴᠢ ᠶᠢᠨ ᠲᠥᠯᠥᠭᠡᠯᠡᠯ ᠪᠠᠶᠢᠨ᠎ᠠ᠃ ᠤᠳᠤᠷᠢᠳᠬᠤ ᠵᠥᠪᠯᠡᠯᠳᠦ ᠤᠷᠤᠬᠤ ᠡᠭᠦᠰᠬᠡᠨ ᠪᠠᠶᠢᠭᠤᠯᠤᠭᠴᠢ ᠶᠢᠨ ᠲᠥᠯᠥᠭᠡᠯᠡᠯ ᠢ ᠡᠭᠦᠰᠬᠡᠨ ᠪᠠᠶᠢᠭᠤᠯᠤᠭᠴᠢ ᠶᠢᠨ ᠰᠢᠢᠳᠪᠦᠷᠢ ᠪᠡᠷ ᠪᠣᠯᠤᠨ ᠲᠡᠭᠦᠨ ᠦ ᠡᠷᠬᠡ ᠰᠢᠯᠵᠢᠭᠦᠯᠦᠭᠰᠡᠨ ᠢᠶᠡᠷ ᠲᠣᠮᠢᠯᠠᠨ᠎ᠠ᠃
/ᠡᠨᠡ ᠬᠡᠰᠡᠭ ᠲᠦ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
36.ᠽ ∙ ᠤᠳᠤᠷᠢᠳᠬᠤ ᠵᠥᠪᠯᠡᠯᠳᠦ ᠤᠷᠤᠬᠤ ᠪᠠᠭᠰᠢ᠂ ᠰᠤᠷᠤᠯᠴᠠᠭᠴᠢ ᠶᠢᠨ ᠲᠥᠯᠥᠭᠡᠯᠡᠯ ᠢ ᠬᠠᠮᠲᠤ ᠣᠯᠠᠨ ᠤ ᠬᠤᠷᠠᠯ ᠠᠴᠠ ᠰᠣᠩᠭᠣᠨ᠎ᠠ᠃
36.4./ᠡᠨᠡ ᠵᠢᠭᠠᠯᠲᠠ ᠶᠢ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠬᠦᠴᠦᠨ ᠭᠦᠢ ᠪᠣᠯᠤᠭᠰᠠᠨ ᠳᠤ ᠲᠣᠭᠠᠴᠠᠭᠰᠠᠨ/
36.5.ᠤᠳᠤᠷᠢᠳᠬᠤ ᠵᠥᠪᠯᠡᠯ ᠦᠨ ᠦᠢᠯᠡ ᠠᠵᠢᠯᠯᠠᠭᠠᠨ ᠤ ᠦᠨᠳᠦᠰᠦᠨ ᠬᠡᠯᠪᠡᠷᠢ ᠨᠢ ᠬᠤᠷᠠᠯ ᠪᠠᠶᠢᠨ᠎ᠠ᠃ ᠤᠳᠤᠷᠢᠳᠬᠤ ᠵᠥᠪᠯᠡᠯ ᠪᠦᠷᠢᠨ ᠡᠷᠬᠡ ᠶᠢᠨ ᠬᠤᠭᠤᠴᠠᠭᠠᠨ ᠳᠤ ᠵᠢᠯ ᠳᠦ ᠬᠣᠶᠠᠷ ᠠᠴᠠ ᠳᠣᠭᠣᠭᠰᠢ ᠦᠭᠡᠢ ᠤᠳᠠᠭ᠎ᠠ ᠬᠤᠷᠠᠯᠳᠤᠵᠤ᠂ ᠡᠭᠡᠯᠵᠢᠲᠦ ᠪᠤᠰᠤ ᠬᠤᠷᠠᠯ ᠢ ᠡᠭᠦᠰᠬᠡᠨ ᠪᠠᠶᠢᠭᠤᠯᠤᠭᠴᠢ᠂ ᠵᠥᠪᠯᠡᠯ ᠦᠨ ᠳᠠᠷᠤᠭ᠎ᠠ ᠪᠤᠶᠤ ᠭᠡᠰᠢᠭᠦᠳ ᠦᠨ 1/ᠽ ᠡᠴᠡ ᠳᠣᠭᠣᠭᠰᠢ ᠦᠭᠡᠢ ᠶᠢᠨ ᠰᠠᠨᠠᠯ ᠢᠶᠠᠷ ᠬᠤᠷᠠᠯᠳᠤᠭᠤᠯᠤᠨ᠎ᠠ᠃
36.6.ᠤᠳᠤᠷᠢᠳᠬᠤ ᠵᠥᠪᠯᠡᠯ ᠣᠯᠠᠩᠬᠢ ᠶᠢᠨ ᠰᠠᠨᠠᠯ ᠢᠶᠠᠷ ᠰᠢᠢᠳᠪᠦᠷᠢ ᠭᠠᠷᠭᠠᠨ᠎ᠠ᠃ ᠵᠥᠪᠯᠡᠯ ᠦᠨ ᠳᠠᠷᠤᠭ᠎ᠠ ᠶᠢ ᠤᠳᠤᠷᠢᠳᠬᠤ ᠵᠥᠪᠯᠡᠯ ᠡᠴᠡ ᠰᠣᠩᠭᠣᠨ᠎ᠠ᠃
36.7.ᠤᠳᠤᠷᠢᠳᠬᠤ ᠵᠥᠪᠯᠡᠯ ᠦᠢᠯᠡ ᠠᠵᠢᠯᠯᠠᠭᠠᠨ ᠳᠤ ᠪᠠᠨ ᠲᠤᠰᠠᠯᠠᠬᠤ ᠡᠭᠦᠷᠭᠡ ᠪᠦᠬᠦᠢ ᠺᠣᠮᠢᠰ᠂ ᠠᠵᠢᠯ ᠤᠨ ᠬᠡᠰᠡᠭ ᠪᠠᠶᠢᠭᠤᠯᠤᠨ ᠠᠵᠢᠯᠯᠠᠭᠤᠯᠵᠤ ᠪᠣᠯᠤᠨ᠎ᠠ᠃
36.8.ᠤᠳᠤᠷᠢᠳᠬᠤ ᠵᠥᠪᠯᠡᠯ ᠳᠦ ᠣᠷᠣᠭᠰᠠᠨ ᠡᠭᠦᠰᠬᠡᠨ ᠪᠠᠶᠢᠭᠤᠯᠤᠭᠴᠢ ᠶᠢᠨ ᠲᠥᠯᠥᠭᠡᠯᠡᠯ ᠨᠢ ᠲᠡᠭᠦᠨ ᠦ ᠪᠣᠳᠣᠯᠭ᠎ᠠ᠂ ᠴᠢᠭ ᠡᠭᠦᠷᠭᠡ ᠶᠢ ᠬᠡᠷᠡᠭᠵᠢᠭᠦᠯᠦᠨ᠎ᠡ᠃
36.9.ᠤᠳᠤᠷᠢᠳᠬᠤ ᠵᠥᠪᠯᠡᠯ ᠦᠨ ᠳᠠᠷᠤᠭ᠎ᠠ ᠶᠢ ᠡᠭᠦᠷᠭᠡ ᠪᠡᠨ ᠬᠠᠩᠭᠠᠯᠲᠠ ᠦᠭᠡᠢ ᠪᠡᠶᠡᠯᠡᠭᠦᠯᠦᠭᠰᠡᠨ᠂ ᠬᠠᠤᠯᠢ ᠲᠣᠭᠲᠠᠭᠠᠮᠵᠢ ᠵᠥᠷᠢᠴᠡᠭᠰᠡᠨ ᠨᠢ ᠨᠣᠲᠠᠯᠠᠭᠳᠠᠭᠰᠠᠨ᠂ ᠥᠪᠡᠷ ᠢᠶᠡᠨ ᠴᠢᠯᠦᠭᠡᠯᠡᠭᠳᠡᠬᠦ ᠶᠢ ᠬᠦᠰᠡᠭᠰᠡᠨ ᠦᠨᠳᠦᠰᠦᠯᠡᠯ ᠢᠶᠡᠷ ᠬᠤᠭᠤᠴᠠᠭᠠᠨ ᠠᠴᠠ ᠡᠮᠦᠨ᠎ᠡ ᠥᠭᠡᠷᠡᠴᠢᠯᠡᠵᠦ ᠪᠣᠯᠤᠨ᠎ᠠ᠃
36.10᠃ ᠡᠭᠦᠰᠬᠡᠨ ᠪᠠᠶᠢᠭᠤᠯᠤᠭᠴᠢ ᠤᠳᠤᠷᠢᠳᠬᠤ ᠵᠥᠪᠯᠡᠯ᠂ ᠲᠡᠭᠦᠨ ᠦ ᠭᠡᠰᠢᠭᠦᠨ ᠢ ᠬᠠᠩᠭᠠᠯᠲᠠ ᠦᠭᠡᠢ ᠠᠵᠢᠯᠯᠠᠭᠰᠠᠨ ᠭᠡᠵᠦ ᠦᠵᠡᠪᠡᠯ ᠥᠪᠡᠷ ᠦᠨ ᠲᠥᠯᠦᠭᠡᠯᠡᠯᠡ ᠡᠭᠡᠭᠦᠯᠦᠨ ᠲᠠᠲᠠᠬᠤ᠂ ᠪᠤᠰᠤᠳ ᠭᠡᠰᠢᠭᠦᠨ ᠦ ᠲᠠᠯ᠎ᠠ ᠪᠠᠷ ᠰᠣᠩᠭᠣᠭᠰᠠᠨ ᠬᠠᠮᠲᠤ ᠣᠯᠣᠩ ᠳᠤ ᠨᠢ ᠮᠡᠳᠡᠭᠳᠡᠬᠦ ᠡᠷᠬᠡ ᠲᠡᠢ᠃
36.11᠃ ᠤᠳᠤᠷᠢᠳᠬᠤ ᠵᠥᠪᠯᠡᠯ ᠳᠠᠷᠠᠭᠠᠬᠢ ᠴᠢᠭ ᠡᠭᠦᠷᠭᠡ ᠶᠢ ᠬᠡᠷᠡᠭᠵᠢᠭᠦᠯᠦᠨ᠎ᠡ᠄
36.11.1.ᠬᠣᠯᠪᠣᠭᠳᠠᠬᠤ ᠬᠠᠤᠯᠢ ᠲᠣᠭᠲᠠᠭᠠᠮᠵᠢ ᠶᠢᠨ ᠳᠠᠭᠠᠤ ᠪᠣᠯᠪᠠᠰᠤᠷᠠᠯ ᠤᠨ ᠪᠠᠶᠢᠭᠤᠯᠤᠯᠭ᠎ᠠ ᠶᠢ ᠬᠥᠭᠵᠢᠭᠦᠯᠬᠦ ᠪᠣᠳᠣᠯᠭ᠎ᠠ᠂ ᠲᠥᠯᠥᠪᠯᠡᠭᠡ᠂ ᠬᠥᠲᠥᠯᠪᠦᠷᠢ᠂ ᠳᠦᠷᠢᠮ ᠢ ᠪᠠᠲᠤᠯᠠᠬᠤ᠂ ᠥᠭᠡᠷᠡᠴᠢᠯᠡᠬᠦ;
36.11.2. ᠰᠤᠷᠭᠠᠭᠤᠯᠢ ᠶᠢᠨ ᠪᠦᠲᠦᠴᠡ᠂ ᠵᠣᠬᠢᠶᠠᠨ ᠪᠠᠶᠢᠭᠤᠯᠤᠯᠲᠠ᠂ ᠣᠷᠣᠨ ᠲᠣᠭ᠎ᠠ᠂ ᠴᠠᠯᠢᠩ ᠤᠨ ᠨᠡᠶᠢᠲᠡ ᠬᠡᠮᠵᠢᠶ᠎ᠡ ᠶᠢ ᠲᠣᠭᠲᠠᠭᠠᠬᠤ᠃
/ᠡᠨᠡ ᠵᠢᠭᠠᠯᠲᠠ ᠶᠢᠨ ᠣᠷᠣᠨ ᠲᠣᠭ᠎ᠠ᠂ ᠴᠠᠯᠢᠩ ᠤᠨ ᠨᠡᠶᠢᠲᠡ ᠬᠡᠮᠵᠢᠶ᠎ᠡ ᠶᠢ ᠲᠣᠭᠲᠠᠭᠠᠬᠤ ᠲᠠᠢ ᠬᠣᠯᠪᠣᠭᠳᠠᠬᠤ ᠬᠡᠰᠡᠭ ᠨᠢ ᠲᠥᠷᠥ ᠶᠢᠨ ᠥᠮᠴᠢ ᠶᠢᠨ ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠳᠤ ᠬᠠᠮᠢᠶᠠᠷᠬᠤ ᠦᠭᠡᠢ./;
/ᠡᠨᠡ ᠵᠢᠭᠠᠯᠲᠠ ᠳᠤ 2003 ᠣᠨ ᠤ 1 ᠳᠦᠭᠡᠷ ᠰᠠᠷ᠎ᠠ ᠶᠢᠨ 3 ᠍ ᠤ ᠡᠳᠦᠷ ᠦᠨ ᠬᠠᠤᠯᠢ ᠪᠠᠷ ᠨᠡᠮᠡᠯᠲᠡ ᠣᠷᠣᠭᠤᠯᠤᠭᠰᠠᠨ/
36.11.ᠽ. ᠬᠥᠷᠥᠩᠭᠡ ᠣᠷᠣᠭᠤᠯᠤᠯᠲᠠ᠂ ᠵᠢᠯ ᠦᠨ ᠲᠥᠰᠥᠪ ᠦᠨ ᠬᠤᠪᠢᠶᠠᠷᠢᠯᠠᠯᠲᠠ ᠶᠢ ᠪᠠᠲᠤᠯᠠᠵᠤ᠂ ᠵᠠᠷᠤᠴᠠᠭᠤᠯᠤᠯᠲᠠ ᠳᠤ ᠬᠢᠨᠠᠯᠲᠠ ᠲᠠᠯᠪᠢᠬᠤ᠂ ᠠᠵᠤ ᠠᠬᠤᠢ ᠶᠢᠨ ᠨᠢᠭᠡᠴᠡ᠂ ᠪᠠᠶᠢᠭᠤᠯᠤᠯᠭ᠎ᠠ᠂ ᠢᠷᠭᠡᠳ ᠡᠴᠡ ᠬᠠᠨᠳᠢᠪ ᠠᠪᠬᠤ ᠵᠢᠷᠤᠮ ᠲᠣᠭᠲᠠᠭᠠᠬᠤ;
/ᠡᠨᠡ ᠵᠢᠭᠠᠯᠲᠠ ᠳᠤ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠨᠡᠮᠡᠯᠲᠡ ᠣᠷᠣᠭᠤᠯᠤᠭᠰᠠᠨ/
36.11.4. ᠰᠤᠷᠭᠠᠯᠲᠠ ᠶᠢᠨ ᠲᠥᠯᠥᠪᠦᠷᠢ᠂ ᠳᠣᠲᠣᠭᠤᠷ ᠪᠠᠶᠢᠷᠢᠨ ᠤ ᠦᠢᠯᠡᠴᠢᠯᠡᠭᠡᠨ ᠦ ᠲᠥᠯᠥᠪᠦᠷᠢ ᠶᠢᠨ ᠬᠡᠮᠵᠢᠶ᠎ᠡ ᠶᠢ ᠵᠣᠬᠢᠬᠤ ᠵᠢᠷᠤᠮ ᠤᠨ ᠳᠠᠭᠠᠤ ᠲᠣᠭᠲᠠᠭᠠᠬᠤ;
36.11.5. ᠰᠤᠷᠭᠠᠭᠤᠯᠢ ᠶᠢᠨ ᠦᠢᠯᠡ ᠠᠵᠢᠯᠯᠠᠭᠠᠨ ᠤ ᠲᠠᠶᠢᠯᠤᠨ ᠬᠡᠯᠡᠯᠴᠡᠬᠦ᠂ ᠦᠨᠡᠯᠡᠯᠲᠡ᠂ ᠳ᠋ᠦᠩᠨᠡᠯᠲᠡ ᠥᠭᠬᠦ;
36.11.6.ᠤᠳᠤᠷᠢᠳᠬᠤ ᠵᠥᠪᠯᠡᠯ ᠦᠨ ᠦᠢᠯᠡ ᠠᠵᠢᠯᠯᠠᠭᠠᠨ ᠤ ᠵᠢᠯ ᠦᠨ ᠲᠠᠶᠢᠯᠤᠨ ᠭᠠᠷᠭᠠᠵᠤ ᠡᠭᠦᠰᠬᠡᠨ ᠪᠠᠶᠢᠭᠤᠯᠤᠭᠴᠢᠳ ᠥᠭᠬᠦ᠃
36.12᠃ ᠤᠳᠤᠷᠢᠳᠬᠤ ᠵᠥᠪᠯᠡᠯ ᠨᠢ ᠵᠠᠬᠢᠷᠤᠯ ᠢ ᠲᠤᠮᠢᠯᠠᠬᠤ᠂ ᠴᠢᠯᠦᠭᠡᠯᠡᠬᠦ ᠰᠠᠨᠠᠯ ᠢ ᠡᠭᠦᠰᠬᠡᠨ ᠪᠠᠶᠢᠭᠤᠯᠤᠭᠴᠢᠳ ᠲᠠᠯᠪᠢᠵᠤ ᠪᠣᠯᠤᠨ᠎ᠠ᠃
36.13.ᠮᠡᠷᠭᠡᠵᠢᠯ ᠦᠨ ᠪᠣᠯᠪᠠᠰᠤᠷᠠᠯ᠂ ᠰᠤᠷᠭᠠᠯᠲᠠ ᠶᠢᠨ ᠪᠠᠶᠢᠭᠤᠯᠤᠯᠭ᠎ᠠ ᠶᠢᠨ ᠤᠳᠤᠷᠢᠳᠬᠤ ᠵᠥᠪᠯᠡᠯ ᠦᠨ ᠲᠥᠯᠥᠭᠡᠯᠡᠯ ᠢ ᠮᠡᠷᠭᠡᠵᠢᠯ ᠦᠨ ᠪᠣᠯᠪᠠᠰᠤᠷᠠᠯ᠂ ᠰᠤᠷᠭᠠᠯᠲᠠ ᠶᠢᠨ ᠲᠤᠬᠠᠢ ᠬᠠᠤᠯᠢ ᠪᠠᠷ ᠵᠣᠬᠢᠴᠠᠭᠤᠯᠤᠨ᠎ᠠ᠃
/ᠡᠨᠡ ᠬᠡᠰᠡᠭ ᠢ 2012 ᠣᠨ ᠤ 12 ᠳ᠋ᠤᠭᠠᠷ ᠰᠠᠷ᠎ᠠ ᠶᠢᠨ 21 ᠍ ᠦ ᠡᠳᠦᠷ ᠦᠨ ᠬᠠᠤᠯᠢ ᠪᠠᠷ ᠨᠡᠮᠡᠭᠰᠡᠨ/
36.14.ᠳᠡᠭᠡᠳᠦ ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠶᠢᠨ ᠤᠳᠤᠷᠢᠳᠬᠤ ᠵᠥᠪᠯᠡᠯ ᠲᠡᠢ ᠬᠣᠯᠪᠣᠭᠳᠠᠭᠰᠠᠨ ᠬᠠᠷᠢᠯᠴᠠᠭ᠎ᠠ ᠶᠢ ᠳᠡᠭᠡᠳᠦ ᠪᠣᠯᠪᠠᠰᠤᠷᠠᠯ ᠤᠨ ᠲᠤᠬᠠᠢ ᠬᠠᠤᠯᠢ ᠪᠠᠷ ᠵᠣᠬᠢᠴᠠᠭᠤᠯᠤᠨ᠎ᠠ᠃
/ᠡᠨᠡ ᠬᠡᠰᠡᠭ ᠢ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠨᠡᠮᠡᠭᠰᠡᠨ/
ᠬᠡᠪᠯᠡᠬᠦ
37 ᠳ᠋ᠤᠭᠠᠷ ᠵᠦᠢᠯ᠃ ᠪᠣᠯᠪᠠᠰᠤᠷᠠᠯ ᠤᠨ ᠬᠢᠨᠠᠯᠲᠠ
37.1.ᠪᠣᠯᠪᠠᠰᠤᠷᠠᠯ ᠤᠨ ᠬᠢᠨᠠᠯᠲᠠ ᠶᠢ ᠬᠢᠨᠠᠯᠲᠠ ᠰᠢᠨᠵᠢᠯᠡᠭᠡ᠂ ᠲᠠᠩᠳᠠᠯᠲᠠ᠂ ᠰᠤᠳᠤᠯᠭ᠎ᠠ ᠬᠢᠬᠦ ᠬᠡᠯᠪᠡᠷᠢ ᠪᠡᠷ ᠬᠡᠷᠡᠭᠵᠢᠭᠦᠯᠦᠨ᠎ᠡ᠃
37.2.ᠪᠣᠯᠪᠠᠰᠤᠷᠠᠯ ᠤᠨ ᠰᠤᠷᠭᠠᠯᠲᠠ ᠶᠢᠨ ᠦᠢᠯᠡ ᠠᠵᠢᠯᠯᠠᠭ᠎ᠠ ᠪᠠᠨ ᠡᠷᠬᠢᠯᠡᠬᠦ ᠲᠤᠰᠬᠠᠢ ᠵᠥᠪᠰᠢᠶᠡᠷᠡᠯ ᠣᠯᠭᠣᠬᠤ ᠡᠷᠬᠡ ᠪᠦᠬᠦᠢ ᠡᠲᠡᠭᠡᠳ ᠲᠤᠰᠬᠠᠢ ᠵᠥᠪᠰᠢᠶᠡᠷᠡᠯ ᠦᠨ ᠱᠠᠭᠠᠷᠳᠠᠯᠭ᠎ᠠ ᠶᠢ ᠬᠠᠩᠭᠠᠵᠤ ᠪᠠᠶᠢᠭ᠎ᠠ ᠡᠰᠡᠬᠦ ᠳᠦ ᠬᠢᠨᠠᠯᠲᠠ ᠲᠠᠯᠪᠢᠨ᠎ᠠ᠃
/ᠡᠨᠡ ᠵᠦᠢᠯ ᠢ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠥᠭᠡᠷᠡᠴᠢᠯᠡᠨ ᠨᠠᠶᠢᠷᠠᠭᠤᠯᠤᠭᠰᠠᠨ/
ᠬᠡᠪᠯᠡᠬᠦ
ТАВДУГААР БҮЛЭГ
ᠪᠣᠯᠪᠠᠰᠤᠷᠠᠯ ᠤᠨ ᠡᠳ᠋ ᠍ ᠦᠨ ᠵᠠᠰᠠᠭ
ᠽ 8 ᠳ᠋ᠤᠭᠠᠷ ᠵᠦᠢᠯ᠃ ᠪᠣᠯᠪᠠᠰᠤᠷᠠᠯ ᠤᠨ ᠲᠥᠯᠥᠪᠯᠡᠯᠲᠡ᠂ ᠮᠡᠳᠡᠭᠡᠯᠡᠯ
38.1.ᠪᠣᠯᠪᠠᠰᠤᠷᠠᠯ ᠤᠨ ᠠᠰᠠᠭᠤᠳᠠᠯ ᠡᠷᠬᠢᠯᠡᠭᠰᠡᠨ ᠲᠥᠷᠥ ᠶᠢᠨ ᠵᠠᠬᠢᠷᠭᠠᠨ ᠤ ᠲᠥᠪ ᠪᠠᠶᠢᠭᠤᠯᠤᠯᠭ᠎ᠠ ᠣᠷᠣᠨ ᠨᠤᠲᠤᠭ ᠤᠨ ᠵᠠᠬᠢᠷᠭᠠᠨ ᠤ ᠪᠣᠯᠤᠨ ᠬᠣᠯᠪᠣᠭᠳᠠᠬᠤ ᠪᠤᠰᠤᠳ ᠪᠠᠶᠢᠭᠤᠯᠤᠯᠭ᠎ᠠ ᠶᠢᠨ ᠣᠷᠣᠯᠴᠠᠭ᠎ᠠ ᠲᠠᠢ ᠪᠠᠷ ᠪᠣᠯᠪᠠᠰᠤᠷᠠᠯ ᠤᠨ ᠬᠥᠭᠵᠢᠯ ᠦᠨ ᠣᠶᠢᠷ᠎ᠠ ᠶᠢᠨ ᠪᠣᠯᠤᠨ ᠬᠡᠲᠦ ᠶᠢᠨ ᠲᠥᠯᠥᠪᠯᠡᠭᠡ ᠶᠢ ᠪᠣᠯᠪᠠᠰᠤᠷᠠᠭᠤᠯᠵᠤ᠂ ᠬᠡᠷᠡᠭᠵᠢᠭᠦᠯᠦᠨ᠎ᠡ᠃
38.2.ᠪᠣᠯᠪᠠᠰᠤᠷᠠᠯ ᠤᠨ ᠠᠰᠠᠭᠤᠳᠠᠯ ᠡᠷᠬᠢᠯᠡᠭᠰᠡᠨ ᠲᠥᠷᠥ ᠶᠢᠨ ᠵᠠᠬᠢᠷᠭᠠᠨ ᠤ ᠲᠥᠪ ᠪᠠᠶᠢᠭᠤᠯᠤᠯᠭ᠎ᠠ ᠶᠢᠨ ᠪᠣᠯᠪᠠᠰᠤᠷᠠᠭᠤᠯᠤᠭᠰᠠᠨ ᠲᠥᠯᠥᠪᠯᠡᠭᠡ᠂ ᠠᠷᠭ᠎ᠠ ᠵᠦᠢ ᠶᠢ ᠦᠨᠳᠦᠰᠦᠯᠡᠨ ᠠᠶᠢᠮᠠᠭ᠂ ᠨᠡᠶᠢᠰᠯᠡᠯ᠂ ᠰᠤᠮᠤ᠂ ᠳᠡᠭᠦᠷᠭᠡ ᠪᠣᠯᠪᠠᠰᠤᠷᠠᠯ ᠤᠨ ᠣᠶᠢᠷ᠎ᠠ ᠶᠢᠨ ᠪᠣᠯᠤᠨ ᠬᠡᠲᠦ ᠶᠢᠨ ᠲᠥᠯᠥᠪᠯᠡᠭᠡ ᠲᠡᠢ ᠪᠠᠶᠢᠨ᠎ᠠ᠃
38.ᠽ ∙ ᠴᠡᠴᠡᠷᠯᠢᠭ᠂ ᠰᠤᠷᠭᠠᠭᠤᠯᠢ᠂ ᠪᠣᠯᠪᠠᠰᠤᠷᠠᠯ ᠤᠨ ᠡᠷᠳᠡᠮ ᠰᠢᠨᠵᠢᠯᠡᠭᠡ᠂ ᠠᠷᠭ᠎ᠠ ᠵᠦᠢ ᠶᠢᠨ ᠪᠠᠶᠢᠭᠤᠯᠤᠯᠭ᠎ᠠ ᠲᠣᠭᠲᠠᠭᠠᠭᠰᠠᠨ ᠨᠣᠷᠮ᠎ᠠ᠂ ᠨᠣᠷᠮᠠᠲ᠋ᠢᠸ ᠢ ᠦᠨᠳᠦᠰᠦᠯᠡᠨ ᠵᠣᠷᠢᠯᠲᠠᠲᠤ ᠲᠥᠯᠥᠪᠯᠡᠭᠡ ᠲᠡᠢ ᠠᠵᠢᠯᠯᠠᠨ᠎ᠠ᠃
38.4.ᠥᠮᠴᠢ ᠶᠢᠨ ᠠᠯᠢ ᠴᠤ ᠬᠡᠯᠪᠡᠷᠢ ᠶᠢᠨ ᠪᠣᠯᠪᠠᠰᠤᠷᠠᠯ ᠤᠨ ᠪᠠᠶᠢᠭᠤᠯᠤᠯᠭ᠎ᠠ ᠬᠠᠤᠯᠢ ᠲᠣᠭᠲᠠᠭᠠᠮᠵᠢ ᠳᠤ ᠵᠢᠭᠠᠭᠰᠠᠨ ᠮᠡᠳᠡᠭᠡ᠂ ᠮᠡᠳᠡᠭᠡᠯᠡᠯ ᠢ ᠲᠣᠭᠲᠠᠭᠠᠭᠰᠠᠨ ᠬᠤᠭᠤᠴᠠᠭᠠᠨ ᠳᠤ ᠨᠢ ᠦᠨᠡᠨ ᠵᠥᠪ ᠭᠠᠷᠭᠠᠵᠤ ᠪᠣᠯᠪᠠᠰᠤᠷᠠᠯ ᠤᠨ ᠳᠡᠭᠡᠳᠦ ᠱᠠᠲᠤᠨ ᠤ ᠪᠠᠶᠢᠭᠤᠯᠤᠯᠭ᠎ᠠ ᠳᠤ ᠲᠠᠶᠢᠯᠤᠩᠨᠠᠨᠠ᠃
ᠬᠡᠪᠯᠡᠬᠦ
ᠽ 9 ᠳᠦᠭᠡᠷ ᠵᠦᠢᠯ᠃ ᠪᠣᠯᠪᠠᠰᠤᠷᠠᠯ ᠤᠨ ᠰᠠᠩᠬᠦᠵᠢᠯᠲᠡ
39.1. /ᠡᠨᠡ ᠬᠡᠰᠡᠭ ᠲᠦ 2003 ᠣᠨ ᠤ 1 ᠳᠦᠭᠡᠷ ᠰᠠᠷ᠎ᠠ ᠶᠢᠨ 3 ᠍ ᠤ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
/ᠡᠨᠡ ᠬᠡᠰᠡᠭ ᠢ 2011 ᠣᠨ ᠤ 12 ᠳ᠋ᠤᠭᠠᠷ ᠰᠠᠷ᠎ᠠ ᠶᠢᠨ 23 ᠍ ᠤ ᠡᠳᠦᠷ ᠦᠨ ᠬᠠᠤᠯᠢ ᠪᠠᠷ ᠬᠦᠴᠦᠨ ᠭᠦᠢ ᠪᠣᠯᠤᠭᠰᠠᠨ ᠳᠤ ᠲᠣᠭᠠᠴᠠᠭᠰᠠᠨ/
39.2.ᠪᠣᠯᠪᠠᠰᠤᠷᠠᠯ ᠤᠨ ᠪᠠᠶᠢᠭᠤᠯᠤᠯᠭ᠎ᠠ ᠨᠢ ᠤᠯᠤᠰ ᠤᠨ ᠲᠥᠰᠥᠪ᠂ ᠬᠥᠷᠥᠩᠭᠡ ᠣᠷᠣᠭᠤᠯᠤᠯᠲᠠ᠂ ᠳᠣᠲᠣᠭᠠᠳᠤ᠂ ᠭᠠᠳᠠᠭᠠᠳᠤ ᠶᠢᠨ ᠠᠵᠤ ᠠᠬᠤᠢ ᠶᠢᠨ ᠨᠢᠭᠡᠴᠡ᠂ ᠪᠠᠶᠢᠭᠤᠯᠤᠯᠭ᠎ᠠ᠂ ᠢᠷᠭᠡᠳ ᠡᠴᠡ ᠤᠷᠤᠭᠤᠯᠬᠤ ᠰᠤᠷᠭᠠᠯᠲᠠ ᠶᠢᠨ ᠲᠥᠯᠥᠪᠦᠷᠢ᠂ ᠳᠦᠷᠢᠮ ᠳᠦ ᠵᠢᠭᠠᠭᠰᠠᠨ ᠦᠢᠯᠡ ᠠᠵᠢᠯᠯᠠᠭᠠᠨ ᠳᠤ ᠵᠣᠷᠢᠭᠤᠯᠤᠭᠰᠠᠨ ᠬᠠᠨᠳᠢᠪ᠂ ᠵᠡᠭᠡᠯᠢ᠂ ᠪᠣᠯᠪᠠᠰᠤᠷᠠᠯ ᠤᠨ ᠪᠠᠶᠢᠭᠤᠯᠤᠯᠭ᠎ᠠ ᠶᠢᠨ ᠥᠪᠡᠷ ᠦᠨ ᠦᠢᠯᠡ ᠠᠵᠢᠯᠯᠠᠭᠠᠨ ᠤ ᠣᠷᠣᠯᠭ᠎ᠠ ᠵᠡᠷᠭᠡ ᠰᠠᠩᠬᠦᠦ ᠶᠢᠨ ᠡᠬᠢ ᠡᠭᠦᠰᠪᠦᠷᠢ ᠲᠡᠢ ᠪᠠᠶᠢᠨ᠎ᠠ᠃
/ᠡᠨᠡ ᠬᠡᠰᠡᠭ ᠲᠦ 2003 ᠣᠨ ᠤ 1 ᠳᠦᠭᠡᠷ ᠰᠠᠷ᠎ᠠ ᠶᠢᠨ 3 ᠍ ᠤ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
/ᠡᠨᠡ ᠬᠡᠰᠡᠭ ᠲᠦ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠨᠡᠮᠡᠯᠲᠡ ᠣᠷᠣᠭᠤᠯᠤᠭᠰᠠᠨ/
/ᠡᠨᠡ ᠵᠢᠭᠠᠯᠲᠠ ᠳᠤ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
39.3.ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠰᠠᠩᠬᠦᠦ ᠶᠢᠨ ᠡᠬᠢ ᠡᠭᠦᠰᠪᠦᠷᠢ ᠪᠡᠨ ᠨᠡᠮᠡᠭᠳᠡᠭᠦᠯᠬᠦ᠂ ᠪᠠᠭᠰᠢ᠂ ᠠᠵᠢᠯᠲᠠᠨ᠂ ᠰᠤᠷᠤᠯᠴᠠᠭᠴᠢ ᠶᠢᠨ ᠨᠡᠶᠢᠭᠡᠮ ᠤᠨ ᠪᠠᠲᠤᠯᠠᠭ᠎ᠠ ᠶᠢ ᠳᠡᠭᠡᠭᠰᠢᠯᠡᠭᠦᠯᠬᠦ ᠵᠣᠷᠢᠯᠭ᠎ᠠ ᠪᠠᠷ ᠬᠠᠤᠯᠢ ᠲᠣᠭᠲᠠᠭᠠᠮᠵᠢ ᠳᠤ ᠨᠡᠶᠢᠴᠡᠭᠦᠯᠦᠨ ᠠᠵᠤ ᠠᠬᠤᠢ ᠶᠢᠨ ᠦᠢᠯᠡ ᠠᠵᠢᠯᠯᠠᠭ᠎ᠠ ᠶᠠᠪᠤᠭᠤᠯᠵᠤ ᠪᠣᠯᠬᠤ ᠪᠥᠭᠡᠳ ᠲᠡᠭᠦᠨ ᠡᠴᠡ ᠣᠯᠤᠭᠰᠠᠨ ᠣᠷᠣᠯᠭ᠎ᠠ ᠪᠠᠨ ᠡᠨᠡ ᠬᠠᠤᠯᠢ ᠳᠤ ᠵᠢᠭᠠᠭᠰᠠᠨ ᠵᠣᠷᠢᠭᠤᠯᠤᠯᠲᠠ ᠶᠢᠨ ᠳᠠᠭᠠᠤ ᠵᠠᠬᠢᠷᠤᠨ ᠵᠠᠷᠤᠴᠠᠭᠤᠯᠬᠤ ᠡᠷᠬᠡ ᠶᠢ ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠶᠢᠨ ᠵᠠᠬᠢᠷᠤᠯ᠂ ᠡᠷᠬᠢᠯᠡᠭᠴᠢ ᠡᠳ᠋ᠯᠡᠨ᠎ᠡ᠃
39.4.ᠪᠣᠯᠪᠠᠰᠤᠷᠠᠯ ᠤᠨ ᠪᠠᠶᠢᠭᠤᠯᠤᠯᠭ᠎ᠠ ᠶᠢᠨ ᠥᠪᠡᠷ ᠦᠨ ᠣᠷᠣᠯᠭ᠎ᠠ ᠶᠢᠨ ᠬᠡᠮᠵᠢᠶ᠎ᠡ ᠲᠡᠢ ᠬᠣᠯᠪᠣᠭᠠᠲᠠᠢ ᠪᠠᠷ ᠤᠯᠤᠰ ᠤᠨ ᠲᠥᠰᠥᠪ ᠡᠴᠡ ᠰᠠᠩᠬᠦᠵᠢᠭᠦᠯᠬᠦ ᠬᠥᠷᠥᠩᠭᠡ ᠶᠢᠨ ᠬᠡᠮᠵᠢᠶ᠎ᠡ ᠶᠢ ᠪᠠᠭᠠᠰᠬᠠᠬᠤ ᠶᠢ ᠬᠣᠷᠢᠭᠯᠠᠨ᠎ᠠ᠃
/ᠡᠨᠡ ᠬᠡᠰᠡᠭ ᠲᠦ 2003 ᠣᠨ ᠤ 1 ᠳᠦᠭᠡᠷ ᠰᠠᠷ᠎ᠠ ᠶᠢᠨ 3 ᠍ ᠤ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
39.5.ᠪᠣᠯᠪᠠᠰᠤᠷᠠᠯ ᠤᠨ ᠡᠷᠳᠡᠮ ᠰᠢᠨᠵᠢᠯᠡᠭᠡ᠂ ᠠᠷᠭ᠎ᠠ ᠵᠦᠢ ᠶᠢᠨ ᠪᠠᠶᠢᠭᠤᠯᠤᠯᠭ᠎ᠠ᠂ ᠠᠶᠢᠮᠠᠭ᠂ ᠨᠡᠶᠢᠰᠯᠡᠯ ᠦᠨ ᠪᠣᠯᠪᠠᠰᠤᠷᠠᠯ ᠤᠨ ᠭᠠᠵᠠᠷ ᠨᠢ ᠤᠯᠤᠰ ᠤᠨ ᠲᠥᠰᠥᠪ᠂ ᠰᠤᠳᠤᠯᠭᠠᠨ ᠤ ᠠᠵᠢᠯ ᠤᠨ ᠲᠥᠰᠥᠯ ᠦᠨ ᠵᠠᠷᠤᠳᠠᠯ ᠢᠶᠠᠷ ᠰᠠᠩᠬᠦᠵᠢᠨᠡ᠃
/ᠡᠨᠡ ᠬᠡᠰᠡᠭ ᠲᠦ 2003 ᠣᠨ ᠤ 1 ᠳᠦᠭᠡᠷ ᠰᠠᠷ᠎ᠠ ᠶᠢᠨ 3 ᠍ ᠤ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
/ᠡᠨᠡ ᠬᠡᠰᠡᠭ ᠲᠦ 2012 ᠣᠨ ᠤ 5 ᠳ᠋ᠤᠭᠠᠷ ᠰᠠᠷ᠎ᠠ ᠶᠢᠨ 09 ᠍ ᠦ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
39.6.ᠣᠷᠣᠢ᠂ ᠡᠴᠢᠨ᠎ᠡ᠂ ᠠᠯᠪᠠᠨ ᠪᠤᠰᠤ ᠬᠡᠯᠪᠡᠷᠢ ᠪᠡᠷ ᠢᠷᠭᠡᠳ ᠲᠦ ᠪᠠᠭ᠎ᠠ᠂ ᠰᠠᠭᠤᠷᠢ᠂ ᠪᠦᠷᠢᠨ ᠳᠤᠮᠳᠠ ᠪᠣᠯᠪᠠᠰᠤᠷᠠᠯ ᠡᠵᠡᠮᠰᠢᠭᠦᠯᠬᠦ ᠳᠦ ᠱᠠᠭᠠᠷᠳᠠᠭᠳᠠᠬᠤ ᠵᠠᠷᠤᠳᠠᠯ ᠢ ᠤᠯᠤᠰ ᠤᠨ ᠪᠣᠯᠤᠨ ᠣᠷᠣᠨ ᠨᠤᠲᠤᠭ ᠤᠨ ᠲᠥᠰᠥᠪ ᠡᠴᠡ ᠰᠠᠩᠬᠦᠵᠢᠭᠦᠯᠦᠨᠡ᠃
/ᠡᠨᠡ ᠬᠡᠰᠡᠭ ᠢ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠥᠭᠡᠷᠡᠴᠢᠯᠡᠨ ᠨᠠᠶᠢᠷᠠᠭᠤᠯᠤᠭᠰᠠᠨ/
39.7.ᠣᠷᠣᠨ ᠨᠤᠲᠤᠭ ᠢ ᠪᠣᠯᠪᠠᠰᠤᠨ ᠬᠦᠴᠦᠨ ᠢᠶᠡᠷ ᠬᠠᠩᠭᠠᠬᠤ᠂ ᠴᠢᠬᠤᠯᠠ ᠬᠡᠷᠡᠭᠴᠡᠭᠡ ᠲᠡᠢ ᠮᠡᠷᠭᠡᠵᠢᠯᠲᠡᠨ ᠪᠡᠯᠡᠳᠬᠡᠬᠦ᠂ ᠰᠤᠷᠤᠯᠴᠠᠭᠴᠢ ᠶᠢᠨ ᠠᠪᠢᠶᠠᠰ ᠢ ᠳᠡᠮᠵᠢᠬᠦ᠂ ᠣᠷᠣᠯᠭ᠎ᠠ ᠪᠠᠭ᠎ᠠ ᠲᠠᠢ ᠪᠣᠯᠤᠨ ᠬᠥᠭᠵᠢᠯ ᠦᠨ ᠪᠡᠷᠬᠡᠰᠢᠶᠡᠯ ᠲᠡᠢ ᠢᠷᠭᠡᠳ ᠲᠦ ᠪᠣᠯᠪᠠᠰᠤᠷᠠᠯ ᠡᠵᠡᠮᠰᠢᠬᠦ ᠳᠦ ᠵᠣᠷᠢᠭᠤᠯᠵᠤ ᠰᠤᠷᠭᠠᠯᠲᠠ ᠶᠢᠨ ᠲᠥᠯᠥᠪᠦᠷᠢ ᠶᠢᠨ ᠵᠡᠭᠡᠯᠢ᠂ ᠪᠤᠴᠠᠯᠲᠠ ᠦᠭᠡᠢ ᠲᠤᠰᠠᠯᠠᠮᠵᠢ ᠣᠯᠭᠣᠬᠤ ᠪᠥᠭᠡᠳ ᠲᠡᠳᠡᠭᠡᠷ ᠢ ᠣᠯᠭᠣᠬᠤ ᠵᠢᠷᠤᠮ ᠢ ᠵᠠᠰᠠᠭ ᠤᠨ ᠭᠠᠵᠠᠷ ᠪᠠᠲᠤᠯᠠᠨ᠎ᠠ᠃
/ᠡᠨᠡ ᠬᠡᠰᠡᠭ ᠲᠦ 2003 ᠣᠨ ᠤ 1 ᠳᠦᠭᠡᠷ ᠰᠠᠷ᠎ᠠ ᠶᠢᠨ 3 ᠍ ᠤ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
/ᠡᠨᠡ ᠬᠡᠰᠡᠭ ᠢ 2006 ᠣᠨ ᠤ 6 ᠳ᠋ᠤᠭᠠᠷ ᠰᠠᠷ᠎ᠠ ᠶᠢᠨ 29 ᠍ ᠦ ᠡᠳᠦᠷ ᠦᠨ ᠬᠠᠤᠯᠢ ᠪᠠᠷ ᠥᠭᠡᠷᠡᠴᠢᠯᠡᠨ ᠨᠠᠶᠢᠷᠠᠭᠤᠯᠤᠭᠰᠠᠨ/
/ᠡᠨᠡ ᠬᠡᠰᠡᠭ ᠲᠦ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠥᠭᠡᠷᠡᠴᠢᠯᠡᠨ ᠨᠠᠶᠢᠷᠠᠭᠤᠯᠤᠭᠰᠠᠨ/
39.8.ᠣᠯᠠᠨ ᠨᠡᠶᠢᠲᠡ ᠶᠢᠨ ᠡᠭᠦᠰᠬᠡᠯ ᠰᠠᠨᠠᠭᠠᠴᠢᠯᠠᠭ᠎ᠠ ᠪᠠᠷ ᠠᠶᠢᠮᠠᠭ᠂ ᠨᠡᠶᠢᠰᠯᠡᠯ᠂ ᠰᠤᠮᠤ᠂ ᠳᠡᠭᠦᠷᠭᠡ ᠳᠦ ᠪᠣᠯᠪᠠᠰᠤᠷᠠᠯ ᠬᠥᠭᠵᠢᠭᠦᠯᠬᠦ ᠰᠠᠩ ᠪᠠᠶᠢᠭᠤᠯᠵᠤ ᠪᠣᠯᠤᠨ᠎ᠠ᠃
39.9.ᠪᠣᠯᠪᠠᠰᠤᠷᠠᠯ ᠳᠤ ᠵᠣᠷᠢᠭᠤᠯᠤᠭᠰᠠᠨ ᠲᠥᠰᠥᠪ ᠦᠨ ᠪᠣᠯᠤᠨ ᠰᠠᠩ ᠤᠨ ᠬᠥᠷᠥᠩᠭᠡ ᠶᠢ ᠥᠭᠡᠷ᠎ᠡ ᠵᠣᠷᠢᠭᠤᠯᠤᠯᠲᠠ ᠪᠠᠷ ᠵᠠᠷᠤᠴᠠᠭᠤᠯᠬᠤ ᠶᠢ ᠬᠣᠷᠢᠭᠯᠠᠨ᠎ᠠ᠃
39.10᠃ ᠠᠰᠢᠭ ᠤᠨ ᠲᠥᠯᠥᠭᠡ ᠪᠤᠰᠤ ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠡᠭᠦᠰᠬᠡᠨ ᠪᠠᠶᠢᠭᠤᠯᠤᠭᠴᠢ ᠠᠴᠠ ᠥᠪᠡᠷ ᠲᠦ ᠨᠢ ᠨᠡᠶᠢᠯᠡᠭᠦᠯᠦᠭᠰᠡᠨ ᠪᠣᠯᠤᠨ ᠲᠤᠬᠠᠢ ᠶᠢᠨ ᠰᠤᠷᠭᠠᠯᠲᠠ ᠶᠢᠨ ᠪᠠᠶᠢᠭᠤᠯᠤᠯᠭ᠎ᠠ ᠶᠢᠨ ᠦᠢᠯᠡ ᠠᠵᠢᠯᠯᠠᠭᠠᠨ ᠤ ᠬᠢ ᠨᠢ ᠶᠠᠪᠤᠴᠠ ᠳᠤ ᠪᠤᠢ ᠪᠣᠯᠤᠭᠰᠠᠨ ᠬᠥᠷᠥᠩᠭᠡ ᠶᠢ ᠥᠪᠡᠷ ᠦᠨ ᠦᠨᠳᠦᠰᠦᠨ ᠦᠢᠯᠡ ᠠᠵᠢᠯᠯᠠᠭᠠᠨ ᠤ ᠵᠣᠷᠢᠯᠭ᠎ᠠ᠂ ᠳᠦᠷᠢᠮ ᠳᠦ ᠨᠡᠶᠢᠴᠡᠭᠦᠯᠦᠨ ᠵᠣᠷᠢᠭᠤᠯᠤᠯᠲᠠ ᠶᠢᠨ ᠳᠠᠭᠠᠤ ᠦᠷ᠎ᠡ ᠠᠰᠢᠭ ᠲᠠᠢ ᠵᠠᠷᠤᠴᠠᠭᠤᠯᠬᠤ ᠡᠭᠦᠷᠭᠡ ᠲᠡᠢ᠃
/ᠡᠨᠡ ᠬᠡᠰᠡᠭ ᠲᠦ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
39.11.ᠰᠤᠷᠭᠠᠯᠲᠠ ᠶᠢᠨ ᠪᠠᠶᠢᠭᠤᠯᠤᠯᠭ᠎ᠠ ᠨᠢ ᠰᠤᠷᠭᠠᠭᠤᠯᠢ ᠬᠥᠭᠵᠢᠭᠦᠯᠬᠦ ᠰᠠᠩ ᠲᠠᠢ ᠪᠠᠶᠢᠵᠤ ᠪᠣᠯᠬᠤ ᠪᠥᠭᠡᠳ ᠰᠠᠩ ᠤᠨ ᠦᠯᠢᠭᠡᠷᠴᠢᠯᠡᠭᠰᠡᠨ ᠳᠦᠷᠢᠮ ᠢ ᠪᠣᠯᠪᠠᠰᠤᠷᠠᠯ ᠤᠨ ᠪᠣᠯᠤᠨ ᠰᠠᠩᠬᠦᠦ ᠶᠢᠨ ᠠᠰᠠᠭᠤᠳᠠᠯ ᠡᠷᠬᠢᠯᠡᠭᠰᠡᠨ ᠵᠠᠰᠠᠭ ᠤᠨ ᠭᠠᠵᠠᠷ ᠤᠨ ᠭᠡᠰᠢᠭᠦᠳ ᠬᠠᠮᠲᠤᠷᠠᠨ ᠪᠠᠲᠤᠯᠠᠨ᠎ᠠ᠃
/ᠡᠨᠡ ᠬᠡᠰᠡᠭ ᠢ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠨᠡᠮᠡᠭᠰᠡᠨ/
39.12.ᠲᠥᠷᠥ ᠶᠢᠨ ᠥᠮᠴᠢ ᠶᠢᠨ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ᠂ ᠴᠡᠴᠡᠷᠯᠢᠭ ᠥᠪᠡᠷ ᠦᠨ ᠦᠢᠯᠡ ᠠᠵᠢᠯᠯᠠᠭᠠᠨ ᠠᠴᠠ ᠣᠷᠣᠯᠭ᠎ᠠ ᠤᠯᠬᠤ᠂ ᠲᠡᠭᠦᠨ ᠢ ᠵᠠᠷᠤᠴᠠᠭᠤᠯᠬᠤ᠂ ᠲᠠᠶᠢᠯᠤᠩᠨᠠᠬᠤ ᠵᠢᠷᠤᠮ ᠢ ᠪᠣᠯᠪᠠᠰᠤᠷᠠᠯ ᠤᠨ ᠠᠰᠠᠭᠤᠳᠠᠯ ᠡᠷᠬᠢᠯᠡᠭᠰᠡᠨ ᠵᠠᠰᠠᠭ ᠤᠨ ᠭᠠᠵᠠᠷ ᠤᠨ ᠭᠡᠰᠢᠭᠦᠨ ᠰᠠᠩᠬᠦᠦ᠂ ᠲᠥᠰᠥᠪ ᠦᠨ ᠠᠰᠠᠭᠤᠳᠠᠯ ᠡᠷᠬᠢᠯᠡᠭᠰᠡᠨ ᠵᠠᠰᠠᠭ ᠤᠨ ᠭᠠᠵᠠᠷ ᠤᠨ ᠭᠡᠰᠢᠭᠦᠨ ᠲᠡᠢ ᠬᠠᠮᠲᠤᠷᠠᠨ ᠪᠠᠲᠤᠯᠠᠨ᠎ᠠ᠃
/ᠡᠨᠡ ᠬᠡᠰᠡᠭ ᠢ 2012 ᠣᠨ ᠤ 5 ᠳ᠋ᠤᠭᠠᠷ ᠰᠠᠷ᠎ᠠ ᠶᠢᠨ 09 ᠍ ᠦ ᠡᠳᠦᠷ ᠦᠨ ᠬᠠᠤᠯᠢ ᠪᠠᠷ ᠨᠡᠮᠡᠭᠰᠡᠨ/
39.13.ᠪᠣᠯᠪᠠᠰᠤᠷᠠᠯ ᠤᠨ ᠦᠨᠡᠯᠡᠭᠡᠨ ᠦ ᠪᠠᠶᠢᠭᠤᠯᠤᠯᠭ᠎ᠠ ᠨᠢ ᠤᠯᠤᠰ ᠤᠨ ᠲᠥᠰᠥᠪ᠂ ᠰᠤᠳᠤᠯᠭᠠᠨ ᠤ ᠠᠵᠢᠯ ᠤᠨ ᠣᠷᠣᠯᠭ᠎ᠠ ᠶᠡᠬᠡ᠂ ᠳᠡᠭᠡᠳᠦ ᠰᠤᠷᠭᠠᠭᠤᠯᠢ ᠶᠢᠨ ᠡᠯᠰᠡᠯᠲᠡ ᠶᠢᠨ ᠶᠡᠷᠦᠩᠬᠡᠢ ᠰᠢᠯᠭᠠᠯᠲᠠ ᠶᠢᠨ ᠬᠤᠷᠢᠶᠠᠮᠵᠢ ᠶᠢᠨ ᠣᠷᠣᠯᠭ᠎ᠠ ᠠᠴᠠ ᠰᠠᠩᠬᠦᠵᠢᠨᠡ᠃
/ᠡᠨᠡ ᠬᠡᠰᠡᠭ ᠢ 2012 ᠣᠨ ᠤ 5 ᠳ᠋ᠤᠭᠠᠷ ᠰᠠᠷ᠎ᠠ ᠶᠢᠨ 09 ᠍ ᠦ ᠡᠳᠦᠷ ᠦᠨ ᠬᠠᠤᠯᠢ ᠪᠠᠷ ᠨᠡᠮᠡᠭᠰᠡᠨ/
39.14.ᠪᠣᠯᠪᠠᠰᠤᠷᠠᠯ ᠤᠨ ᠮᠠᠭᠠᠳᠯᠠᠨ ᠢᠲᠡᠭᠡᠮᠵᠢᠯᠡᠬᠦ ᠦᠨᠳᠦᠰᠦᠨ ᠦ ᠵᠥᠪᠯᠡᠯ ᠢ ᠦᠷ᠎ᠡ ᠳᠦᠩ᠂ ᠭᠦᠢᠴᠡᠳᠬᠡᠯ ᠳᠦ ᠰᠠᠭᠤᠷᠢᠯᠠᠨ ᠭᠡᠷ᠎ᠡ ᠶᠢᠨ ᠳᠠᠭᠠᠤ ᠤᠯᠤᠰ ᠤᠨ ᠲᠥᠰᠥᠪ ᠡᠴᠡ ᠵᠠᠷᠤᠳᠠᠯ ᠤᠨ ᠲᠣᠳᠣᠷᠬᠠᠢ ᠬᠤᠪ ᠢ ᠰᠠᠩᠬᠦᠵᠢᠭᠦᠯᠬᠦ ᠪᠥᠭᠡᠳ ᠦᠢᠯᠡᠴᠢᠯᠡᠭᠡᠨ ᠦ ᠲᠥᠯᠥᠪᠦᠷᠢ ᠶᠢᠨ ᠬᠡᠮᠵᠢᠶ᠎ᠡ ᠶᠢ ᠪᠣᠯᠪᠠᠰᠤᠷᠠᠯ ᠤᠨ ᠮᠠᠭᠠᠳᠯᠠᠨ ᠢᠲᠡᠭᠡᠮᠵᠢᠯᠡᠬᠦ ᠦᠨᠳᠦᠰᠦᠨ ᠦ ᠵᠥᠪᠯᠡᠯ ᠦᠨ ᠤᠳᠤᠷᠢᠳᠬᠤ ᠵᠥᠪᠯᠡᠯ ᠲᠣᠭᠲᠠᠭᠠᠨ᠎ᠠ᠃
/ᠡᠨᠡ ᠬᠡᠰᠡᠭ ᠢ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠨᠡᠮᠡᠭᠰᠡᠨ/
ᠬᠡᠪᠯᠡᠬᠦ
40 ᠳ᠋ᠦᠭ ᠢᠶᠡᠷ ᠵᠦᠢᠯ᠃ ᠲᠥᠷᠥ ᠶᠢᠨ ᠥᠮᠴᠢ ᠶᠢᠨ ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠶᠢᠨ ᠰᠠᠩᠬᠦᠵᠢᠯᠲᠡ
40.1.ᠲᠥᠷᠥ ᠶᠢᠨ ᠥᠮᠴᠢ ᠶᠢᠨ ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠶᠢ ᠲᠣᠭᠲᠠᠮᠠᠯ ᠪᠣᠯᠤᠨ ᠨᠣᠷᠮᠠᠲ᠋ᠢᠸ ᠲᠤ ᠵᠠᠷᠤᠳᠠᠯ ᠢᠶᠠᠷ ᠰᠠᠩᠬᠦᠵᠢᠭᠦᠯᠦᠨᠡ᠃
40.2.ᠲᠥᠷᠥ ᠶᠢᠨ ᠥᠮᠴᠢᠲᠤ ᠪᠦᠬᠦ ᠱᠠᠲᠤᠨ ᠤ ᠰᠤᠷᠭᠠᠭᠤᠯᠢ᠂ ᠴᠡᠴᠡᠷᠯᠢᠭ ᠦᠨ ᠲᠣᠭᠲᠠᠮᠠᠯ ᠵᠠᠷᠤᠳᠠᠯ᠂ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ᠂ ᠮᠡᠷᠭᠡᠵᠢᠯ ᠦᠨ ᠪᠣᠯᠪᠠᠰᠤᠷᠠᠯ᠂ ᠰᠤᠷᠭᠠᠯᠲᠠ ᠶᠢᠨ ᠪᠠᠶᠢᠭᠤᠯᠤᠯᠭ᠎ᠠ ᠶᠢᠨ ᠳᠣᠲᠣᠭᠤᠷ ᠪᠠᠶᠢᠷᠢᠨ ᠤ ᠨᠡᠶᠢᠲᠡ ᠵᠠᠷᠤᠳᠠᠯ᠂ ᠲᠤᠰᠬᠠᠢ ᠰᠤᠷᠭᠠᠭᠤᠯᠢ ᠶᠢᠨ ᠰᠤᠷᠤᠯᠴᠠᠭᠴᠢ ᠶᠢᠨ ᠦᠳᠡ ᠶᠢᠨ ᠬᠣᠭᠣᠯᠠᠨ ᠤ ᠵᠠᠷᠤᠳᠠᠯ᠂ ᠴᠡᠴᠡᠷᠯᠢᠭ ᠦᠨ ᠪᠠᠶᠢᠷᠢᠰᠢᠯ ᠢ ᠬᠠᠷᠠᠭᠠᠯᠵᠠᠨ ᠬᠡᠦᠬᠡᠳ ᠦᠨ ᠬᠣᠭᠣᠯᠠᠨ ᠤ ᠵᠠᠷᠤᠳᠠᠯ ᠤᠨ ᠲᠣᠳᠣᠷᠬᠠᠢ ᠬᠤᠪᠢ᠂ ᠥᠮᠴᠢ ᠶᠢᠨ ᠬᠡᠯᠪᠡᠷᠢ ᠬᠠᠷᠠᠭᠠᠯᠵᠠᠬᠤ ᠦᠭᠡᠢ ᠪᠡᠷ ᠠᠰᠢᠭ ᠤᠨ ᠪᠣᠯᠤᠨ ᠠᠰᠢᠭ ᠤᠨ ᠲᠥᠯᠥᠭᠡ ᠪᠤᠰᠤ ᠴᠡᠴᠡᠷᠯᠢᠭ᠂ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠶᠢᠨ ᠠᠯᠪᠠᠨ ᠪᠣᠯᠤᠨ ᠠᠯᠪᠠᠨ ᠪᠤᠰᠤ ᠰᠤᠷᠭᠠᠯᠲᠠ ᠳᠤ ᠬᠠᠮᠤᠷᠤᠭᠳᠠᠵᠤ ᠪᠠᠶᠢᠭ᠎ᠠ ᠨᠢᠭᠡ ᠰᠤᠷᠤᠯᠴᠠᠭᠴᠢ ᠳᠤ ᠨᠣᠭᠳᠠᠬᠤ ᠬᠤᠪᠢᠰᠬᠤ ᠵᠠᠷᠤᠳᠠᠯ ᠢ ᠤᠯᠤᠰ ᠤᠨ ᠲᠥᠰᠥᠪ ᠡᠴᠡ ᠰᠠᠩᠬᠦᠵᠢᠭᠦᠯᠦᠨᠡ᠃
/ᠡᠨᠡ ᠬᠡᠰᠡᠭ ᠲᠦ 2003 ᠣᠨ ᠤ 1 ᠳᠦᠭᠡᠷ ᠰᠠᠷ᠎ᠠ ᠶᠢᠨ 3 ᠍ ᠤ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
/ᠡᠨᠡ ᠬᠡᠰᠡᠭ ᠲᠦ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠥᠭᠡᠷᠡᠴᠢᠯᠡᠨ ᠨᠠᠶᠢᠷᠠᠭᠤᠯᠤᠭᠰᠠᠨ/
/ᠡᠨᠡ ᠬᠡᠰᠡᠭ ᠲᠦ 2008 ᠣᠨ ᠤ 5 ᠳ᠋ᠤᠭᠠᠷ ᠰᠠᠷ᠎ᠠ ᠶᠢᠨ 23 ᠍ ᠤ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
/ᠡᠨᠡ ᠬᠡᠰᠡᠭ ᠲᠦ 2009 ᠣᠨ ᠤ 2 ᠳ᠋ᠤᠭᠠᠷ ᠰᠠᠷ᠎ᠠ ᠶᠢᠨ 13 ᠍ ᠤ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
/ᠡᠨᠡ ᠬᠡᠰᠡᠭ ᠢ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠥᠭᠡᠷᠡᠴᠢᠯᠡᠨ ᠨᠠᠶᠢᠷᠠᠭᠤᠯᠤᠭᠰᠠᠨ/
40.3.ᠰᠤᠷᠭᠠᠭᠤᠯᠢ ᠶᠢᠨ ᠡᠮᠦᠨᠡᠬᠢ ᠪᠣᠯᠤᠨ ᠪᠠᠭ᠎ᠠ᠂ ᠳᠤᠮᠳᠠ᠂ ᠮᠡᠷᠭᠡᠵᠢᠯ ᠦᠨ ᠪᠣᠯᠪᠠᠰᠤᠷᠠᠯ ᠡᠵᠡᠮᠰᠢᠭᠦᠯᠬᠦ ᠳᠦ ᠨᠢᠭᠡ ᠰᠤᠷᠤᠯᠴᠠᠭᠴᠢ ᠳᠤ ᠨᠣᠭᠳᠠᠬᠤ ᠬᠤᠪᠢᠰᠬᠤ ᠵᠠᠷᠤᠳᠠᠯ ᠤᠨ ᠳᠤᠮᠳᠠᠴᠢ ᠨᠣᠷᠮᠠᠲ᠋ᠢᠸ᠂ ᠲᠡᠭᠦᠨ ᠦ ᠪᠦᠷᠢᠯᠳᠦᠬᠦᠨ᠂ ᠠᠶᠢᠮᠠᠭ ᠤᠨ ᠲᠥᠪ ᠡᠴᠡ ᠪᠤᠰᠤᠳ ᠰᠤᠮᠤ᠂ ᠲᠣᠰᠬᠣᠨ᠂ ᠪᠠᠭ ᠤᠨ ᠰᠤᠷᠭᠠᠭᠤᠯᠢ ᠳᠤ ᠪᠠᠭ᠎ᠠ᠂ ᠰᠠᠭᠤᠷᠢ᠂ ᠪᠦᠷᠢᠨ ᠳᠤᠮᠳᠠ ᠪᠣᠯᠪᠠᠰᠤᠷᠠᠯ ᠡᠵᠡᠮᠰᠢᠭᠦᠯᠬᠦ ᠳᠦ ᠨᠢᠭᠡ ᠰᠤᠷᠤᠯᠴᠠᠭᠴᠢ ᠳᠤ ᠨᠣᠭᠳᠠᠬᠤ ᠬᠤᠪᠢᠰᠬᠤ ᠵᠠᠷᠤᠳᠠᠯ ᠤᠨ ᠬᠡᠦᠬᠡᠳ ᠦᠨ ᠲᠣᠭᠠᠨ ᠠᠴᠠ ᠬᠠᠮᠢᠶᠠᠷᠤᠭᠰᠠᠨ ᠥᠰᠦᠨ ᠨᠡᠮᠡᠭᠳᠡᠬᠦ ᠢᠲᠡᠭᠡᠯᠴᠡᠭᠦᠷᠢ ᠶᠢ ᠵᠠᠰᠠᠭ ᠤᠨ ᠭᠠᠵᠠᠷ ᠵᠢᠯ ᠪᠦᠷᠢ ᠰᠢᠨᠡᠴᠢᠯᠡᠨ ᠲᠣᠭᠲᠠᠭᠠᠨ᠎ᠠ᠃
/ᠡᠨᠡ ᠬᠡᠰᠡᠭ ᠢ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠥᠭᠡᠷᠡᠴᠢᠯᠡᠨ ᠨᠠᠶᠢᠷᠠᠭᠤᠯᠤᠭᠰᠠᠨ/
/ᠡᠨᠡ ᠬᠡᠰᠡᠭ ᠲᠦ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
40.4.ᠲᠥᠷᠥ ᠶᠢᠨ ᠥᠮᠴᠢ ᠶᠢᠨ ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠶᠢᠨ ᠰᠠᠩᠬᠦᠵᠢᠯᠲᠡ ᠳᠠᠷᠠᠭᠠᠬᠢ ᠡᠬᠢ ᠡᠭᠦᠰᠪᠦᠷᠢ ᠡᠴᠡ ᠪᠥᠷᠢᠳᠦᠨ᠎ᠡ᠄
40.4.1. ᠴᠡᠴᠡᠷᠯᠢᠭ ᠲᠦ ᠤᠯᠤᠰ ᠤᠨ ᠲᠥᠰᠥᠪ᠂ ᠡᠴᠢᠭᠡ᠂ ᠡᠬᠡ᠂ ᠠᠰᠠᠷᠠᠨ ᠬᠠᠮᠠᠭᠠᠯᠠᠭᠴᠢ ᠠᠴᠠ ᠥᠭᠬᠦ ᠲᠥᠯᠥᠪᠦᠷᠢ᠂ ᠥᠪᠡᠷ ᠦᠨ ᠦᠢᠯᠡ ᠠᠵᠢᠯᠯᠠᠭᠠᠨ ᠤ ᠣᠷᠣᠯᠭ᠎ᠠ;
/ᠡᠨᠡ ᠵᠢᠭᠠᠯᠲᠠ ᠳᠤ 2003 ᠣᠨ ᠤ 1 ᠳᠦᠭᠡᠷ ᠰᠠᠷ᠎ᠠ ᠶᠢᠨ 3 ᠍ ᠤ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
40.4.2. ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠳᠤ ᠤᠯᠤᠰ ᠤᠨ ᠲᠥᠰᠥᠪ᠂ ᠥᠪᠡᠷ ᠦᠨ ᠦᠢᠯᠡ ᠠᠵᠢᠯᠯᠠᠭᠠᠨ ᠤ ᠣᠷᠣᠯᠭ᠎ᠠ;
/ᠡᠨᠡ ᠵᠢᠭᠠᠯᠲᠠ ᠳᠤ 2003 ᠣᠨ ᠤ 1 ᠳᠦᠭᠡᠷ ᠰᠠᠷ᠎ᠠ ᠶᠢᠨ 3 ᠍ ᠤ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
40.4.ᠽ. ᠮᠡᠷᠭᠡᠵᠢᠯ ᠦᠨ ᠪᠣᠯᠪᠠᠰᠤᠷᠠᠯ᠂ ᠰᠤᠷᠭᠠᠯᠲᠠ ᠶᠢᠨ ᠪᠠᠶᠢᠭᠤᠯᠤᠯᠭ᠎ᠠ ᠳᠤ ᠤᠯᠤᠰ ᠤᠨ ᠲᠥᠰᠥᠪ᠂ ᠥᠪᠡᠷ ᠦᠨ ᠦᠢᠯᠡ ᠠᠵᠢᠯᠯᠠᠭᠠᠨ ᠤ ᠣᠷᠣᠯᠭ᠎ᠠ;
/ᠡᠨᠡ ᠵᠢᠭᠠᠯᠲᠠ ᠳᠤ 2003 ᠣᠨ ᠤ 1 ᠳᠦᠭᠡᠷ ᠰᠠᠷ᠎ᠠ ᠶᠢᠨ 3 ᠍ ᠤ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
/ᠡᠨᠡ ᠵᠢᠭᠠᠯᠲᠠ ᠳᠤ 2009 ᠣᠨ ᠤ 2 ᠳ᠋ᠤᠭᠠᠷ ᠰᠠᠷ᠎ᠠ ᠶᠢᠨ 13 ᠍ ᠤ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
40.4.4.ᠶᠡᠬᠡ ᠰᠤᠷᠭᠠᠭᠤᠯᠢ᠂ ᠳᠡᠭᠡᠳᠦ ᠰᠤᠷᠭᠠᠭᠤᠯᠢ᠂ ᠺᠣᠯᠯᠧᠵᠢ ᠳᠤ ᠤᠯᠤᠰ ᠤᠨ ᠲᠥᠰᠥᠪ᠂ ᠰᠤᠷᠭᠠᠯᠲᠠ ᠶᠢᠨ ᠲᠥᠯᠥᠪᠦᠷᠢ᠂ ᠡᠷᠳᠡᠮ ᠰᠢᠨᠵᠢᠯᠡᠭᠡᠨ ᠦ ᠲᠥᠰᠥᠯ ᠳᠦ ᠠᠵᠢᠯ ᠤᠨ ᠪᠣᠯᠤᠨ ᠥᠪᠡᠷ ᠦᠨ ᠦᠢᠯᠡ ᠠᠵᠢᠯᠯᠠᠭᠠᠨ ᠤ ᠣᠷᠣᠯᠭ᠎ᠠ;
/ᠡᠨᠡ ᠵᠢᠭᠠᠯᠲᠠ ᠳᠤ 2003 ᠣᠨ ᠤ 1 ᠳᠦᠭᠡᠷ ᠰᠠᠷ᠎ᠠ ᠶᠢᠨ 3 ᠍ ᠤ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
40.4.5.ᠴᠡᠷᠢᠭ᠂ ᠴᠠᠭᠳᠠᠭ᠎ᠠ ᠶᠢᠨ ᠳᠡᠭᠡᠳᠦ ᠪᠣᠯᠪᠠᠰᠤᠷᠠᠯ ᠡᠵᠡᠮᠰᠢᠭᠦᠯᠬᠦ ᠲᠡᠢ ᠬᠣᠯᠪᠣᠭ᠎ᠠ ᠲᠠᠢ ᠵᠠᠷᠤᠳᠠᠯ ᠢ ᠲᠥᠷᠥ ᠬᠠᠷᠢᠭᠤᠴᠠᠨ᠎ᠠ᠃
40.5. /ᠡᠨᠡ ᠬᠡᠰᠡᠭ ᠢ 2003 ᠣᠨ ᠤ 1 ᠳᠦᠭᠡᠷ ᠰᠠᠷ᠎ᠠ ᠶᠢᠨ 03 ᠍ ᠤ ᠡᠳᠦᠷ ᠦᠨ ᠬᠠᠤᠯᠢ ᠪᠠᠷ ᠬᠦᠴᠦᠨ ᠭᠦᠢ ᠪᠣᠯᠭᠠᠭᠰᠠᠨ/
40.5.ᠨᠢᠭᠡ ᠰᠤᠷᠤᠯᠴᠠᠭᠴᠢ ᠳᠤ ᠨᠣᠭᠳᠠᠬᠤ ᠬᠤᠪᠢᠰᠬᠤ ᠵᠠᠷᠤᠳᠠᠯ ᠢ ᠰᠤᠷᠭᠠᠭᠤᠯᠢ ᠶᠢᠨ ᠪᠠᠶᠢᠷᠢᠰᠢᠯ᠂ ᠬᠡᠪ ᠰᠢᠨᠵᠢ᠂ ᠮᠡᠷᠭᠡᠵᠢᠯ ᠦᠨ ᠴᠢᠭᠯᠡᠯ᠂ ᠣᠯᠠᠨ ᠤᠯᠤᠰ ᠤᠨ ᠬᠥᠲᠥᠯᠪᠦᠷᠢ ᠶᠢᠨ ᠰᠤᠷᠭᠠᠯᠲᠠ ᠲᠠᠢ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠶᠢᠨ ᠰᠤᠷᠭᠠᠯᠲᠠ ᠶᠢᠨ ᠣᠨᠴᠠᠯᠢᠭ ᠪᠣᠯᠤᠨ ᠬᠥᠭᠵᠢᠯ ᠦᠨ ᠪᠡᠷᠬᠡᠰᠢᠶᠡᠯ ᠲᠡᠢ ᠰᠤᠷᠤᠯᠴᠠᠭᠴᠢ ᠶᠢᠨ ᠲᠤᠰᠬᠠᠢ ᠬᠡᠷᠡᠭᠴᠡᠭᠡ ᠲᠡᠢ ᠤᠶᠠᠯᠳᠤᠭᠤᠯᠤᠨ ᠡᠨᠡ ᠬᠠᠤᠯᠢ ᠶᠢᠨ 40.3 ᠍ ᠳᠦ ᠵᠢᠭᠠᠭᠰᠠᠨ ᠰᠤᠷᠭᠠᠯᠲᠠ ᠶᠢᠨ ᠪᠠᠶᠢᠭᠤᠯᠤᠯᠭ᠎ᠠ ᠲᠤᠰ ᠪᠦᠷᠢ ᠪᠡᠷ ᠢᠯᠭᠠᠪᠤᠷᠢᠲᠠᠢ ᠲᠣᠭᠲᠠᠭᠠᠬᠤ ᠪᠥᠭᠡᠳ ᠠᠷᠭᠠᠴᠢᠯᠠᠯ ᠢ ᠨᠢ ᠪᠣᠯᠪᠠᠰᠤᠷᠠᠯ ᠤᠨ ᠠᠰᠠᠭᠤᠳᠠᠯ ᠡᠷᠬᠢᠯᠡᠭᠰᠡᠨ ᠵᠠᠰᠠᠭ ᠤᠨ ᠭᠠᠵᠠᠷ ᠤᠨ ᠭᠡᠰᠢᠭᠦᠨ ᠪᠠᠲᠤᠯᠠᠨ᠎ᠠ᠃
/ᠡᠨᠡ ᠬᠡᠰᠡᠭ ᠢ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠨᠡᠮᠡᠭᠰᠡᠨ/
/ᠡᠨᠡ ᠬᠡᠰᠡᠭ ᠲᠦ 2012 ᠣᠨ ᠤ 5 ᠳ᠋ᠤᠭᠠᠷ ᠰᠠᠷ᠎ᠠ ᠶᠢᠨ 09 ᠍ ᠦ ᠡᠳᠦᠷ ᠦᠨ ᠬᠠᠤᠯᠢ ᠪᠠᠷ ᠨᠡᠮᠡᠯᠲᠡ ᠣᠷᠣᠭᠤᠯᠤᠭᠰᠠᠨ/
40.6.ᠳᠡᠭᠡᠳᠦ ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠪᠣᠯᠤᠨ ᠮᠡᠷᠭᠡᠵᠢᠯ ᠦᠨ ᠪᠣᠯᠪᠠᠰᠤᠷᠠᠯ᠂ ᠰᠤᠷᠭᠠᠯᠲᠠ ᠶᠢᠨ ᠪᠠᠶᠢᠭᠤᠯᠤᠯᠭ᠎ᠠ ᠳᠤ ᠰᠤᠷᠤᠯᠴᠠᠭᠴᠢᠳ ᠲᠤ ᠲᠥᠷᠥ ᠡᠴᠡ ᠦᠵᠡᠭᠦᠯᠬᠦ ᠪᠤᠴᠠᠯᠲᠠ ᠦᠭᠡᠢ ᠲᠤᠰᠠᠯᠠᠮᠵᠢ᠂ ᠵᠡᠭᠡᠯᠢ᠂ ᠲᠡᠳᠬᠦᠯᠭᠡ ᠶᠢᠨ ᠬᠡᠮᠵᠢᠶ᠎ᠡ ᠶᠢ ᠵᠠᠰᠠᠭ ᠤᠨ ᠭᠠᠵᠠᠷ ᠵᠢᠯ ᠪᠦᠷᠢ ᠲᠣᠭᠲᠠᠭᠠᠨ᠎ᠠ᠃
/ᠡᠨᠡ ᠬᠡᠰᠡᠭ ᠢ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠨᠡᠮᠡᠭᠰᠡᠨ/
/ᠡᠨᠡ ᠬᠡᠰᠡᠭ ᠲᠦ 2009 ᠣᠨ ᠤ 2 ᠳ᠋ᠤᠭᠠᠷ ᠰᠠᠷ᠎ᠠ ᠶᠢᠨ 13 ᠍ ᠤ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
40.7.ᠰᠤᠷᠤᠯᠴᠠᠭᠴᠢ ᠠᠴᠠ ᠬᠠᠤᠯᠢ ᠳᠤ ᠵᠢᠭᠠᠭ᠎ᠠ ᠦᠭᠡᠢ ᠲᠥᠯᠥᠪᠦᠷᠢ᠂ ᠬᠤᠷᠢᠶᠠᠮᠵᠢ ᠠᠪᠬᠤ ᠶᠢ ᠬᠣᠷᠢᠭᠯᠠᠨ᠎ᠠ᠃
/ᠡᠨᠡ ᠬᠡᠰᠡᠭ ᠢ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠨᠡᠮᠡᠭᠰᠡᠨ/
40.8.ᠶᠡᠷᠦᠩᠬᠡᠢ ᠪᠣᠯᠪᠠᠰᠤᠷᠠᠯ ᠤᠨ ᠰᠤᠷᠭᠠᠭᠤᠯᠢ᠂ ᠴᠡᠴᠡᠷᠯᠢᠭ ᠦᠨ ᠪᠠᠭᠰᠢ ᠶᠢᠨ ᠮᠡᠷᠭᠡᠵᠢᠯ ᠢ ᠥᠮᠴᠢ ᠶᠢᠨ ᠬᠡᠯᠪᠡᠷᠢ ᠦᠯᠦ ᠬᠠᠷᠠᠭᠠᠯᠵᠠᠨ ᠤᠯᠤᠰ ᠤᠨ ᠲᠥᠰᠥᠪ ᠦᠨ ᠬᠥᠷᠥᠩᠭᠡ ᠪᠡᠷ 5 ᠵᠢᠯ ᠲᠤᠲᠤᠮ ᠳᠡᠭᠡᠭᠰᠢᠯᠡᠭᠦᠯᠦᠨ᠎ᠡ᠃
/ᠡᠨᠡ ᠬᠡᠰᠡᠭ ᠢ 2012 ᠣᠨ ᠤ 5 ᠳ᠋ᠤᠭᠠᠷ ᠰᠠᠷ᠎ᠠ ᠶᠢᠨ 09 ᠍ ᠦ ᠡᠳᠦᠷ ᠦᠨ ᠬᠠᠤᠯᠢ ᠪᠠᠷ ᠨᠡᠮᠡᠭᠰᠡᠨ/
/ᠡᠨᠡ ᠬᠡᠰᠡᠭ ᠲᠦ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
ᠬᠡᠪᠯᠡᠬᠦ
41 ᠳᠦᠭᠡᠷ ᠵᠦᠢᠯ᠃ ᠲᠥᠷᠥ ᠶᠢᠨ ᠪᠤᠰᠤ ᠥᠮᠴᠢ ᠶᠢᠨ ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠶᠢᠨ ᠰᠠᠩᠬᠦᠵᠢᠯᠲᠡ
41.1.ᠲᠥᠷᠥ ᠶᠢᠨ ᠪᠤᠰᠤ ᠥᠮᠴᠢ ᠶᠢᠨ ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠶᠢᠨ ᠰᠠᠩᠬᠦᠵᠢᠯᠲᠡ ᠶᠢᠨ ᠡᠬᠢ ᠡᠭᠦᠰᠪᠦᠷᠢ ᠨᠢ ᠡᠭᠦᠰᠬᠡᠨ ᠪᠠᠶᠢᠭᠤᠯᠤᠭᠴᠢ ᠶᠢᠨ ᠬᠥᠷᠥᠩᠭᠡ᠂ ᠨᠢᠭᠡ ᠰᠤᠷᠤᠭᠴᠢ ᠳᠤ ᠨᠣᠭᠳᠠᠬᠤ ᠨᠣᠷᠮᠠᠲ᠋ᠢᠸ ᠲᠤ ᠵᠠᠷᠤᠳᠠᠯ ᠤᠨ ᠲᠥᠰᠥᠪ ᠡᠴᠡ ᠰᠠᠩᠬᠦᠵᠢᠭᠦᠯᠬᠦ ᠬᠡᠰᠡᠭ᠂ ᠰᠤᠷᠭᠠᠯᠲᠠ ᠶᠢᠨ ᠲᠥᠯᠥᠪᠦᠷᠢ᠂ ᠬᠠᠨᠳᠢᠪ᠂ ᠬᠥᠩᠭᠡᠯᠡᠯᠲᠡ ᠲᠡᠢ ᠵᠡᠭᠡᠯᠢ᠂ ᠥᠪᠡᠷ ᠦᠨ ᠦᠢᠯᠡ ᠠᠵᠢᠯᠯᠠᠭᠠᠨ ᠤ ᠣᠷᠣᠯᠭ᠎ᠠ ᠠᠴᠠ ᠪᠥᠷᠢᠳᠦᠨ᠎ᠡ᠃
/ᠡᠨᠡ ᠬᠡᠰᠡᠭ ᠲᠦ 2014 ᠣᠨ ᠤ ᠣᠨ ᠤ 10 ᠳ᠋ᠤᠭᠠᠷ ᠰᠠᠷ᠎ᠠ ᠶᠢᠨ 31 ᠍ ᠦ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ ᠪᠥᠭᠡᠳ ᠡᠭᠦᠨ ᠢ 2015 ᠣᠨ ᠤ 1 ᠳᠦᠭᠡᠷ ᠰᠠᠷ᠎ᠠ ᠶᠢᠨ 01 ᠍ ᠦ ᠡᠳᠦᠷ ᠡᠴᠡ ᠡᠬᠢᠯᠡᠨ ᠳᠠᠭᠠᠵᠤ ᠮᠥᠷᠳᠡᠨ᠎ᠡ/
41.2.ᠲᠥᠷᠥ ᠶᠢᠨ ᠪᠤᠰᠤ ᠥᠮᠴᠢ ᠶᠢᠨ ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠶᠢᠨ ᠰᠤᠷᠭᠠᠯᠲᠠ ᠶᠢᠨ ᠣᠷᠴᠢᠨ ᠢ ᠰᠠᠶᠢᠵᠢᠷᠠᠭᠤᠯᠬᠤ᠂ ᠲᠡᠳᠡᠭᠡᠷ ᠢ ᠪᠠᠭᠰᠢᠯᠠᠬᠤ ᠪᠣᠯᠪᠠᠰᠤᠨ ᠬᠦᠴᠦᠨ ᠢᠶᠡᠷ ᠬᠠᠩᠭᠠᠬᠤ ᠳᠤ ᠵᠠᠰᠠᠭ ᠤᠨ ᠭᠠᠵᠠᠷ ᠲᠣᠭᠲᠠᠭᠠᠭᠰᠠᠨ ᠵᠢᠷᠤᠮ ᠤᠨ ᠳᠠᠭᠠᠤ ᠳᠡᠮᠵᠢᠯᠭᠡ᠂ ᠲᠤᠰᠠᠯᠠᠯᠴᠠᠭ᠎ᠠ ᠦᠵᠡᠭᠦᠯᠦᠨ᠎ᠡ᠃
41.3.ᠲᠥᠷᠥ ᠶᠢᠨ ᠪᠤᠰᠤ ᠥᠮᠴᠢ ᠶᠢᠨ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠶᠢᠨ ᠨᠢᠭᠡ ᠰᠤᠷᠤᠯᠴᠠᠭᠴᠢ ᠳᠤ ᠲᠥᠷᠥ ᠡᠴᠡ ᠨᠣᠭᠳᠠᠬᠤ ᠰᠤᠷᠭᠠᠯᠲᠠ ᠶᠢᠨ ᠨᠣᠷᠮᠠᠲ᠋ᠢᠸ ᠲᠤ ᠵᠠᠷᠤᠳᠠᠯ ᠤᠨ ᠬᠡᠮᠵᠢᠶ᠎ᠡ ᠶᠢ ᠲᠤᠬᠠᠢ ᠶᠢᠨ ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠶᠢᠨ ᠰᠤᠷᠭᠠᠯᠲᠠ ᠶᠢᠨ ᠲᠥᠯᠥᠪᠦᠷᠢ ᠲᠡᠢ ᠨᠢ ᠤᠶᠠᠯᠳᠤᠭᠤᠯᠤᠨ ᠵᠠᠰᠠᠭ ᠤᠨ ᠭᠠᠵᠠᠷ ᠵᠢᠯ ᠪᠦᠷᠢ ᠰᠢᠨᠡᠴᠢᠯᠡᠨ ᠲᠣᠭᠲᠠᠭᠠᠨ᠎ᠠ᠃
/ᠡᠨᠡ ᠬᠡᠰᠡᠭ ᠢ 2014 ᠣᠨ ᠤ ᠣᠨ ᠤ 10 ᠳ᠋ᠤᠭᠠᠷ ᠰᠠᠷ᠎ᠠ ᠶᠢᠨ 31 ᠍ ᠦ ᠡᠳᠦᠷ ᠦᠨ ᠬᠠᠤᠯᠢ ᠪᠠᠷ ᠨᠡᠮᠡᠭᠰᠡᠨ ᠪᠥᠭᠡᠳ ᠡᠭᠦᠨ ᠢ 2015 ᠣᠨ ᠤ 01 ᠳᠦᠭᠡᠷ ᠰᠠᠷ᠎ᠠ ᠶᠢᠨ 1 ᠍ ᠦ ᠡᠳᠦᠷ ᠡᠴᠡ ᠡᠬᠢᠯᠡᠨ ᠳᠠᠭᠠᠵᠤ ᠮᠥᠷᠳᠡᠨ᠎ᠡ/
41.4.ᠭᠠᠳᠠᠭᠠᠳᠤ ᠤᠯᠤᠰ ᠲᠤ ᠠᠮᠢᠳᠤᠷᠠᠵᠤ ᠪᠠᠶᠢᠭ᠎ᠠ ᠮᠣᠩᠭᠣᠯ ᠤᠯᠤᠰ ᠤᠨ ᠬᠠᠷᠢᠶᠠᠲᠤ ᠬᠡᠦᠬᠡᠳ ᠲᠦ ᠮᠣᠩᠭᠣᠯ ᠬᠡᠯᠡ᠂ ᠲᠡᠦᠬᠡ᠂ ᠶᠣᠰᠣ ᠵᠠᠩᠰᠢᠯ᠂ ᠰᠤᠶᠤᠯ ᠤᠨ ᠴᠢᠭᠯᠡᠯ ᠢᠶᠡᠷ ᠰᠠᠭᠤᠷᠢ ᠴᠢᠳᠠᠮᠵᠢ ᠡᠵᠡᠮᠰᠢᠭᠦᠯᠬᠦ ᠲᠥᠰᠥᠯ᠂ ᠬᠥᠲᠥᠯᠪᠦᠷᠢ ᠬᠡᠷᠡᠭᠵᠢᠭᠦᠯᠵᠦ ᠪᠠᠶᠢᠭ᠎ᠠ ᠪᠠᠶᠢᠭᠤᠯᠤᠯᠭ᠎ᠠ ᠳᠤ ᠲᠥᠷᠥ ᠡᠴᠡ ᠳᠡᠮᠵᠢᠯᠭᠡ ᠦᠵᠡᠭᠦᠯᠵᠦ ᠪᠣᠯᠬᠤ ᠪᠥᠭᠡᠳ ᠳᠡᠮᠵᠢᠯᠭᠡ ᠦᠵᠡᠭᠦᠯᠬᠦ ᠨᠥᠬᠥᠴᠡᠯ᠂ ᠱᠠᠭᠠᠷᠳᠠᠯᠭ᠎ᠠ᠂ ᠬᠡᠮᠵᠢᠶ᠎ᠡ ᠶᠢ ᠵᠠᠰᠠᠭ ᠤᠨ ᠭᠠᠵᠠᠷ ᠤᠨ ᠪᠠᠲᠤᠯᠠᠭᠰᠠᠨ ᠵᠢᠷᠤᠮ ᠢᠶᠠᠷ ᠵᠣᠬᠢᠴᠠᠭᠤᠯᠤᠨ᠎ᠠ᠃
/ᠡᠨᠡ ᠬᠡᠰᠡᠭ ᠢ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠨᠡᠮᠡᠭᠰᠡᠨ/
ᠬᠡᠪᠯᠡᠬᠦ
42 ᠳ᠋ᠤᠭᠠᠷ ᠵᠦᠢᠯ.ᠪᠣᠯᠪᠠᠰᠤᠷᠠᠯ ᠤᠨ ᠪᠠᠶᠢᠭᠤᠯᠤᠯᠭ᠎ᠠ ᠶᠢᠨ ᠰᠤᠷᠭᠠᠯᠲᠠ ᠶᠢᠨ ᠣᠷᠴᠢᠨ
42.1᠃ ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠶᠢᠨ ᠪᠠᠷᠢᠯᠭ᠎ᠠ ᠪᠠᠶᠢᠭᠤᠯᠤᠮᠵᠢ᠂ ᠲᠧᠭᠨᠢᠭ ᠬᠡᠷᠡᠭᠰᠡᠯ᠂ ᠲᠣᠨᠣᠭ ᠲᠥᠬᠥᠭᠡᠷᠦᠮᠵᠢ ᠨᠢ ᠪᠠᠭᠰᠢ᠂ ᠠᠵᠢᠯᠲᠠᠨ᠂ ᠰᠤᠷᠤᠯᠴᠠᠭᠴᠢ ᠶᠢᠨ ᠬᠥᠳᠡᠯᠮᠦᠷᠢ ᠶᠢᠨ ᠣᠨᠴᠠᠯᠢᠭ ᠲᠤ ᠲᠣᠬᠢᠷᠠᠭᠰᠠᠨ᠂ ᠬᠥᠭᠵᠢᠯ ᠦᠨ ᠪᠡᠷᠬᠡᠰᠢᠶᠡᠯ ᠲᠡᠢ ᠰᠤᠷᠤᠯᠴᠠᠭᠴᠢ ᠶᠢᠨ ᠲᠤᠰᠬᠠᠢ ᠬᠡᠷᠡᠭᠴᠡᠭᠡᠨ ᠳᠦ ᠨᠡᠶᠢᠴᠡᠭᠰᠡᠨ᠂ ᠡᠷᠡᠭᠦᠯ ᠠᠬᠤᠢ᠂ ᠠᠶᠤᠯ ᠦᠭᠡᠢ ᠪᠠᠶᠢᠳᠠᠯ ᠤᠨ ᠱᠠᠭᠠᠷᠳᠠᠯᠭ᠎ᠠ ᠶᠢ ᠬᠠᠩᠭᠠᠭᠰᠠᠨ ᠪᠠᠶᠢᠨ᠎ᠠ᠃
/ᠡᠨᠡ ᠬᠡᠰᠡᠭ ᠲᠦ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠨᠡᠮᠡᠯᠲᠡ ᠣᠷᠣᠭᠤᠯᠤᠭᠰᠠᠨ/
42.2᠃ ᠰᠤᠷᠭᠠᠭᠤᠯᠢ ᠶᠢᠨ ᠡᠮᠦᠨᠡᠬᠢ ᠪᠣᠯᠤᠨ ᠶᠡᠷᠦᠩᠬᠡᠢ ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠥᠪᠡᠷ ᠦᠨ ᠬᠠᠷᠢᠶ᠎ᠠ ᠬᠡᠪᠯᠡᠯ᠂ ᠮᠡᠳᠡᠭᠡᠯᠡᠯ᠂ ᠰᠤᠷᠭᠠᠯᠲᠠ ᠶᠢᠨ ᠲᠧᠭᠨᠢᠭ ᠬᠡᠷᠡᠭᠰᠡᠯ᠂ ᠲᠣᠨᠣᠭ ᠲᠥᠬᠥᠭᠡᠷᠦᠮᠵᠢ᠂ ᠬᠢᠴᠢᠶᠡᠯ ᠦᠨ ᠬᠡᠷᠡᠭᠯᠡᠭᠳᠡᠬᠦᠨ ᠢ ᠵᠠᠰᠠᠪᠤᠷᠢᠯᠠᠬᠤ᠂ ᠦᠢᠯᠡᠳᠪᠦᠷᠢᠯᠡᠬᠦ᠂ ᠬᠠᠩᠭᠠᠬᠤ ᠵᠡᠷᠭᠡ ᠦᠢᠯᠡᠳᠪᠦᠷᠢᠯᠡᠯ᠂ ᠦᠢᠯᠡᠴᠢᠯᠡᠭᠡ ᠶᠠᠪᠤᠭᠤᠯᠬᠤ ᠨᠢᠭᠡᠴᠡ ᠲᠡᠢ ᠪᠠᠶᠢᠵᠤ ᠪᠣᠯᠤᠨ᠎ᠠ᠃
/ᠡᠨᠡ ᠬᠡᠰᠡᠭ ᠲᠦ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
42.3.ᠴᠡᠴᠡᠷᠯᠢᠭ᠂ ᠰᠤᠷᠭᠠᠭᠤᠯᠢ ᠶᠢᠨ ᠪᠠᠷᠢᠯᠭ᠎ᠠ ᠪᠠᠶᠢᠭᠤᠯᠤᠮᠵᠢ᠂ ᠰᠤᠷᠭᠠᠯᠲᠠ ᠶᠢᠨ ᠲᠧᠭᠨᠢᠭ ᠬᠡᠷᠡᠭᠰᠡᠯ᠂ ᠲᠣᠨᠣᠭ ᠲᠥᠬᠥᠭᠡᠷᠦᠮᠵᠢ᠂ ᠬᠣᠭᠣᠯᠠ ᠬᠦᠨᠡᠰᠦᠨ ᠦ ᠵᠦᠢᠯ ᠪᠣᠯᠤᠨ ᠰᠤᠷᠤᠯᠴᠠᠭᠴᠢ ᠶᠢᠨ ᠡᠷᠡᠭᠦᠯ ᠠᠬᠤᠢ᠂ ᠠᠷᠢᠭᠤᠨ ᠴᠡᠪᠡᠷ᠂ ᠠᠶᠤᠯ ᠦᠭᠡᠢ ᠪᠠᠶᠢᠳᠠᠯ ᠤᠨ ᠨᠣᠷᠮ᠎ᠠ᠂ ᠨᠣᠷᠮᠠᠲ᠋ᠢᠸ ᠢ ᠬᠣᠯᠪᠣᠭᠳᠠᠬᠤ ᠬᠠᠤᠯᠢ ᠲᠣᠭᠲᠠᠭᠠᠮᠵᠢ᠂ ᠪᠣᠯᠪᠠᠰᠤᠷᠠᠯ ᠤᠨ ᠰᠲ᠋ᠠᠨᠳᠠᠷᠲ ᠢ ᠦᠨᠳᠦᠰᠦᠯᠡᠨ ᠪᠣᠯᠪᠠᠰᠤᠷᠠᠯ᠂ ᠡᠷᠡᠭᠦᠯ ᠮᠡᠨᠳᠦ ᠶᠢᠨ ᠪᠣᠯᠤᠨ ᠰᠠᠩᠬᠦᠦ ᠶᠢᠨ ᠠᠰᠠᠭᠤᠳᠠᠯ ᠡᠷᠬᠢᠯᠡᠭᠰᠡᠨ ᠵᠠᠰᠠᠭ ᠤᠨ ᠭᠠᠵᠠᠷ ᠤᠨ ᠭᠡᠰᠢᠭᠦᠳ ᠬᠠᠮᠲᠤᠷᠠᠨ ᠪᠠᠲᠤᠯᠠᠵᠤ ᠮᠥᠷᠳᠡᠭᠦᠯᠦᠨ᠎ᠡ᠃
/ᠡᠨᠡ ᠬᠡᠰᠡᠭ ᠢ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠥᠭᠡᠷᠡᠴᠢᠯᠡᠨ ᠨᠠᠶᠢᠷᠠᠭᠤᠯᠤᠭᠰᠠᠨ/
42.4᠃ ᠠᠰᠢᠭ ᠤᠨ ᠲᠥᠯᠥᠭᠡ ᠪᠤᠰᠤ ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠶᠢ ᠬᠡᠪ ᠦᠨ ᠦᠢᠯᠡ ᠠᠵᠢᠯᠯᠠᠭ᠎ᠠ ᠶᠠᠪᠤᠭᠤᠯᠬᠤ ᠳᠤ ᠬᠦᠷᠦᠯᠴᠡᠬᠦᠶᠢᠴᠡ ᠵᠣᠷᠢᠭᠤᠯᠤᠯᠲᠠ ᠶᠢᠨ ᠪᠠᠷᠢᠯᠭ᠎ᠠ ᠪᠠᠶᠢᠭᠤᠯᠤᠮᠵᠢ᠂ ᠰᠤᠷᠭᠠᠯᠲᠠ ᠶᠢᠨ ᠲᠧᠭᠨᠢᠭ ᠬᠡᠷᠡᠭᠰᠡᠯ᠂ ᠲᠣᠨᠣᠭ ᠲᠥᠬᠥᠭᠡᠷᠦᠮᠵᠢ᠂ ᠰᠤᠷᠬᠤ ᠪᠢᠴᠢᠭ᠂ ᠳᠣᠲᠣᠭᠤᠷ ᠪᠠᠶᠢᠷᠢ ᠪᠠᠷ ᠬᠠᠩᠭᠠᠬᠤ ᠠᠵᠢᠯ ᠢ ᠡᠭᠦᠰᠬᠡᠨ ᠪᠠᠶᠢᠭᠤᠯᠤᠭᠴᠢ ᠬᠠᠷᠢᠭᠤᠴᠠᠨ᠎ᠠ᠃
/ᠡᠨᠡ ᠬᠡᠰᠡᠭ ᠲᠦ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
42.5.ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠶᠢᠨ ᠪᠠᠷᠢᠯᠭ᠎ᠠ ᠪᠠᠶᠢᠭᠤᠯᠤᠮᠵᠢ᠂ ᠡᠳ᠋ᠯᠡᠪᠦᠷᠢ ᠭᠠᠵᠠᠷ ᠢ ᠵᠣᠷᠢᠭᠤᠯᠤᠯᠲᠠ ᠶᠢᠨ ᠳᠠᠭᠠᠤ ᠠᠰᠢᠭᠯᠠᠨ᠎ᠠ᠃
/ᠡᠨᠡ ᠬᠡᠰᠡᠭ ᠲᠦ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
42.6.ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠨᠢ ᠪᠠᠷᠢᠯᠭ᠎ᠠ᠂ ᠬᠣᠲᠠ ᠲᠥᠯᠥᠪᠯᠡᠯᠲᠡ ᠶᠢᠨ ᠨᠣᠷᠮ᠎ᠠ᠂ ᠨᠣᠷᠮᠠᠲ᠋ᠢᠸ ᠢ ᠪᠠᠷᠢᠮᠲᠠᠯᠠᠨ ᠲᠣᠭᠲᠠᠭᠠᠭᠰᠠᠨ᠂ ᠰᠤᠷᠭᠠᠯᠲᠠ ᠳᠤ ᠵᠣᠷᠢᠭᠤᠯᠤᠭᠰᠠᠨ ᠡᠵᠡᠮᠰᠢᠯ ᠭᠠᠵᠠᠷ ᠲᠠᠢ ᠪᠠᠶᠢᠨ᠎ᠠ᠃
/ᠡᠨᠡ ᠬᠡᠰᠡᠭ ᠢ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠨᠡᠮᠡᠭᠰᠡᠨ/
42.7.ᠠᠶᠢᠮᠠᠭ᠂ ᠨᠡᠶᠢᠰᠯᠡᠯ ᠦᠨ ᠢᠷᠭᠡᠳ ᠦᠨ ᠲᠥᠯᠥᠭᠡᠯᠡᠭᠴᠢᠳ ᠦᠨ ᠬᠤᠷᠠᠯ ᠨᠢ ᠰᠢᠨ᠎ᠡ ᠪᠡᠷ ᠪᠠᠷᠢᠬᠤ ᠰᠤᠷᠭᠠᠭᠤᠯᠢ᠂ ᠴᠡᠴᠡᠷᠯᠢᠭ ᠦᠨ ᠤᠷᠲᠤ ᠬᠤᠭᠤᠴᠠᠭᠠᠨ ᠤ ᠲᠥᠯᠥᠪᠯᠡᠯᠲᠡ ᠶᠢ ᠠᠶᠢᠮᠠᠭ᠂ ᠨᠡᠶᠢᠰᠯᠡᠯ ᠦᠨ ᠭᠠᠵᠠᠷ ᠵᠣᠬᠢᠶᠠᠨ ᠪᠠᠶᠢᠭᠤᠯᠤᠯᠲᠠ ᠶᠢᠨ ᠲᠥᠯᠥᠪᠯᠡᠭᠡ᠂ ᠬᠣᠲᠠ ᠶᠢᠨ ᠬᠥᠭᠵᠢᠯ ᠦᠨ ᠬᠡᠰᠡᠭᠴᠢᠯᠡᠭᠰᠡᠨ ᠶᠡᠷᠦᠩᠬᠡᠢ ᠲᠥᠯᠦᠪᠯᠡᠭᠡᠨ ᠳᠦ ᠲᠤᠰᠬᠠᠵᠤ᠂ ᠰᠤᠷᠭᠠᠭᠤᠯᠢ᠂ ᠴᠡᠴᠡᠷᠯᠢᠭ ᠦᠨ ᠡᠵᠡᠮᠰᠢᠯ᠂ ᠠᠰᠢᠭᠯᠠᠯᠲᠠ ᠶᠢᠨ ᠡᠳ᠋ᠯᠡᠪᠦᠷᠢ ᠭᠠᠵᠠᠷ ᠢ ᠰᠤᠷᠭᠠᠯᠲᠠ ᠶᠢᠨ ᠤᠷᠴᠢᠨ ᠳᠤ ᠲᠠᠯᠪᠢᠭᠳᠠᠬᠤ ᠱᠠᠭᠠᠷᠳᠠᠯᠭ᠎ᠠ ᠳᠤ ᠨᠡᠶᠢᠴᠡᠭᠰᠡᠨ ᠲᠠᠯᠠᠪᠠᠢ ᠶᠢᠨ ᠬᠡᠮᠵᠢᠶᠡᠨ ᠦ ᠳᠠᠭᠠᠤ ᠨᠥᠭᠡᠴᠡᠳ ᠠᠪᠬᠤ ᠰᠢᠢᠳᠪᠦᠷᠢ ᠭᠠᠷᠭᠠᠨ᠎ᠠ᠃
/ᠡᠨᠡ ᠬᠡᠰᠡᠭ ᠢ 2012 ᠣᠨ ᠤ 5 ᠳ᠋ᠤᠭᠠᠷ ᠰᠠᠷ᠎ᠠ ᠶᠢᠨ 09 ᠍ ᠦ ᠡᠳᠦᠷ ᠦᠨ ᠬᠠᠤᠯᠢ ᠪᠠᠷ ᠨᠡᠮᠡᠭᠰᠡᠨ/
42.8.ᠡᠨᠡ ᠬᠠᠤᠯᠢ ᠶᠢᠨ 42.7 ᠍ ᠳᠦ ᠵᠢᠭᠠᠭᠰᠠᠨ ᠤ ᠳᠠᠭᠠᠤ ᠰᠢᠨ᠎ᠡ ᠪᠡᠷ ᠪᠠᠷᠢᠬᠤ ᠰᠤᠷᠭᠠᠭᠤᠯᠢ᠂ ᠴᠡᠴᠡᠷᠯᠢᠭ ᠦᠨ ᠨᠥᠭᠡᠴᠡ ᠶᠢᠨ ᠭᠠᠵᠠᠷ ᠢ ᠥᠭᠡᠷ᠎ᠡ ᠵᠣᠷᠢᠭᠤᠯᠤᠯᠲᠠ ᠪᠠᠷ ᠡᠵᠡᠮᠰᠢᠭᠦᠯᠬᠦ᠂ ᠠᠰᠢᠭᠯᠠᠭᠤᠯᠬᠤ᠂ ᠬᠤᠳᠠᠯᠳᠤᠬᠤ ᠶᠢ ᠬᠣᠷᠢᠭᠯᠠᠨ᠎ᠠ᠃
/ᠡᠨᠡ ᠬᠡᠰᠡᠭ ᠢ 2012 ᠣᠨ ᠤ 5 ᠳ᠋ᠤᠭᠠᠷ ᠰᠠᠷ᠎ᠠ ᠶᠢᠨ 09 ᠍ ᠦ ᠡᠳᠦᠷ ᠦᠨ ᠬᠠᠤᠯᠢ ᠪᠠᠷ ᠨᠡᠮᠡᠭᠰᠡᠨ/
42.9.ᠳᠡᠭᠡᠳᠦ ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠶᠢᠨ ᠬᠡᠪ ᠦᠨ ᠦᠢᠯᠡ ᠠᠵᠢᠯᠯᠠᠭ᠎ᠠ ᠶᠠᠪᠤᠭᠤᠯᠬᠤ ᠳᠤ ᠱᠠᠭᠠᠷᠳᠠᠯᠭ᠎ᠠ ᠲᠠᠢ ᠵᠣᠷᠢᠭᠤᠯᠤᠯᠲᠠ ᠶᠢᠨ ᠪᠠᠷᠢᠯᠭ᠎ᠠ ᠪᠠᠶᠢᠭᠤᠯᠤᠮᠵᠢ᠂ ᠰᠤᠷᠭᠠᠯᠲᠠ᠂ ᠡᠷᠳᠡᠮ ᠰᠢᠨᠵᠢᠯᠡᠭᠡ᠂ ᠦᠢᠯᠡᠳᠪᠦᠷᠢᠯᠡᠯ ᠦᠨ ᠣᠷᠴᠢᠨ᠂ ᠯᠠᠪᠤᠷᠠᠲ᠋ᠣᠷᠢ᠂ ᠰᠤᠷᠭᠠᠯᠲᠠ ᠶᠢᠨ ᠬᠡᠷᠡᠭᠯᠡᠭᠳᠡᠬᠦᠨ᠂ ᠳᠣᠲᠣᠭᠤᠷ ᠪᠠᠶᠢᠷᠢ ᠪᠠᠷ ᠬᠠᠩᠭᠠᠬᠤ ᠠᠵᠢᠯ ᠢ ᠤᠳᠤᠷᠢᠳᠬᠤ ᠵᠥᠪᠯᠡᠯ ᠬᠠᠷᠢᠭᠤᠴᠠᠨ᠎ᠠ᠃
/ᠡᠨᠡ ᠬᠡᠰᠡᠭ ᠢ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠨᠡᠮᠡᠭᠰᠡᠨ/
ᠬᠡᠪᠯᠡᠬᠦ
43 ᠳ᠋ᠤᠭᠠᠷ ᠵᠦᠢᠯ᠃ ᠪᠣᠯᠪᠠᠰᠤᠷᠠᠯ ᠤᠨ ᠬᠠᠷᠢᠯᠴᠠᠭᠠᠨ ᠳᠤ ᠣᠷᠣᠯᠴᠠᠭᠴᠢᠳ ᠤᠨ
ᠨᠡᠶᠢᠭᠡᠮ ᠤᠨ ᠪᠠᠲᠤᠯᠠᠭ᠎ᠠ
43.1᠃ ᠪᠠᠭᠰᠢ ᠨᠡᠶᠢᠭᠡᠮ ᠤᠨ ᠳᠠᠷᠠᠭᠠᠬᠢ ᠪᠠᠲᠤᠯᠠᠭ᠎ᠠ ᠪᠠᠷ ᠬᠠᠩᠭᠠᠭᠳᠠᠨ᠎ᠠ᠄
43.1.1.ᠬᠥᠳᠡᠯᠮᠦᠷᠢ ᠶᠢᠨ ᠰᠢᠨᠵᠢ ᠴᠢᠨᠠᠷ᠂ ᠮᠡᠷᠭᠡᠵᠢᠯ ᠦᠨ ᠣᠨᠴᠠᠯᠢᠭ ᠲᠤ ᠲᠣᠬᠢᠷᠠᠭᠰᠠᠨ ᠴᠠᠯᠢᠩ᠂ ᠨᠡᠮᠡᠭᠳᠡᠯ ᠬᠥᠯᠥᠰᠥ᠂ ᠨᠡᠮᠡᠭᠳᠡᠯ᠂ ᠨᠥᠬᠥᠬᠥ ᠣᠯᠭᠣᠪᠤᠷᠢ᠂ ᠱᠠᠩᠨᠠᠯ ᠤᠷᠮᠠᠰᠢᠭᠤᠯᠤᠯ ᠠᠪᠬᠤ᠂ ᠬᠠᠤᠯᠢ ᠳᠤ ᠵᠢᠭᠠᠭᠰᠠᠨ ᠪᠤᠰᠤᠳ ᠬᠥᠩᠭᠡᠯᠡᠯᠲᠡ ᠡᠳᠯᠡᠬᠦ;
43.1.2.ᠪᠠᠭᠰᠢ᠂ ᠠᠵᠢᠯᠯᠠᠭᠴᠢᠳ ᠤᠨ ᠡᠭᠡᠯᠵᠢ ᠶᠢᠨ ᠦᠨᠳᠦᠰᠦᠨ ᠠᠮᠠᠷᠠᠯᠲᠠ ᠶᠢᠨ ᠬᠤᠭᠤᠴᠠᠭ᠎ᠠ ᠶᠢ ᠬᠥᠳᠡᠯᠮᠦᠷᠢ ᠶᠢᠨ ᠲᠤᠬᠠᠢ ᠬᠠᠤᠯᠢ ᠪᠠᠷ ᠵᠣᠬᠢᠴᠠᠭᠤᠯᠤᠨ᠎ᠠ᠃ ᠬᠥᠳᠡᠯᠮᠦᠷᠢ ᠶᠢᠨ ᠣᠨᠴᠠᠯᠢᠭ ᠢ ᠬᠠᠷᠠᠭᠠᠯᠵᠠᠨ ᠪᠠᠭᠰᠢ ᠳᠤ ᠠᠵᠢᠯ ᠤᠨ 33᠂ ᠵᠠᠬᠢᠷᠤᠯ᠂ ᠡᠷᠬᠢᠯᠡᠭᠴᠢ᠂ ᠣᠷᠣᠯᠠᠭᠴᠢ ᠵᠠᠬᠢᠷᠤᠯ᠂ ᠬᠢᠴᠢᠶᠡᠯ ᠦᠨ ᠡᠷᠬᠢᠯᠡᠭᠴᠢ /ᠰᠤᠷᠭᠠᠯᠲᠠ ᠶᠢᠨ ᠮᠧᠨᠧᠵᠧᠷ/᠂ ᠬᠢᠴᠢᠶᠡᠯ ᠦᠨ ᠵᠣᠬᠢᠴᠠᠭᠤᠯᠤᠭᠴᠢ᠂ ᠨᠡᠶᠢᠭᠡᠮ ᠤᠨ ᠠᠵᠢᠯᠲᠠᠨ᠂ ᠠᠷᠭ᠎ᠠ ᠵᠦᠢᠴᠢ᠂ ᠳᠠᠳᠤᠯᠭ᠎ᠠ ᠶᠢᠨ ᠪᠣᠯᠤᠨ ᠪᠠᠶᠢᠷᠢᠨ ᠤ ᠪᠠᠭᠰᠢ᠂ ᠴᠡᠴᠡᠷᠯᠢᠭ ᠦᠨ ᠲᠤᠰᠠᠯᠠᠬᠤ ᠪᠠᠭᠰᠢ ᠳᠤ ᠠᠵᠢᠯ ᠤᠨ 15 ᠡᠳᠦᠷ ᠦᠨ ᠨᠡᠮᠡᠭᠳᠡᠯ ᠠᠮᠠᠷᠠᠯᠲᠠ ᠲᠤᠰ ᠲᠤᠰ ᠣᠯᠭᠤᠨ᠎ᠠ᠃ ᠬᠥᠳᠡᠯᠮᠦᠷᠢ ᠶᠢᠨ ᠲᠤᠬᠠᠢ ᠬᠠᠤᠯᠢ ᠶᠢᠨ 79.5᠂ 79.6 ᠍ ᠳᠦ ᠵᠢᠭᠠᠭᠰᠠᠨ ᠠᠵᠢᠯᠯᠠᠭᠰᠠᠨ ᠬᠤᠭᠤᠴᠠᠭ᠎ᠠ᠂ ᠬᠥᠳᠡᠯᠮᠦᠷᠢ ᠶᠢᠨ ᠨᠥᠬᠥᠴᠡᠯ ᠢ ᠬᠠᠷᠠᠭᠠᠯᠵᠠᠭᠰᠠᠨ ᠪᠤᠰᠤᠳ ᠨᠡᠮᠡᠭᠳᠡᠯ ᠠᠮᠠᠷᠠᠯᠲᠠ ᠳᠡᠭᠡᠷᠡᠬᠢ ᠠᠯᠪᠠᠨ ᠲᠤᠰᠢᠶᠠᠯᠲᠠᠨ ᠳᠤ ᠬᠠᠮᠢᠶᠠᠷᠬᠤ ᠦᠭᠡᠢ;
43.1.3.ᠣᠷᠣᠨ ᠰᠠᠭᠤᠴᠠ ᠪᠠᠷᠢᠬᠤ ᠪᠤᠶᠤ ᠬᠤᠳᠠᠯᠳᠤᠨ ᠠᠪᠬᠤ ᠳᠤ ᠵᠣᠷᠢᠭᠤᠯᠵᠤ ᠬᠥᠩᠭᠡᠯᠡᠯᠲᠡ ᠲᠡᠢ ᠵᠡᠭᠡᠯᠢ᠂ ᠲᠤᠰᠠᠯᠠᠮᠵᠢ ᠠᠪᠬᠤ;
43.1.4.ᠲᠥᠷᠥ ᠶᠢᠨ ᠪᠣᠯᠤᠨ ᠣᠷᠣᠨ ᠨᠤᠲᠤᠭ ᠤᠨ ᠥᠮᠴᠢ ᠶᠢᠨ ᠮᠡᠷᠭᠡᠵᠢᠯ ᠦᠨ ᠰᠤᠷᠭᠠᠯᠲᠠ ᠦᠢᠯᠡᠳᠪᠦᠷᠢᠯᠡᠯ ᠦᠨ ᠲᠥᠪ᠂ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ᠂ ᠴᠡᠴᠡᠷᠯᠢᠭ ᠲᠦ ᠡᠨᠡ ᠬᠠᠤᠯᠢ ᠶᠢᠨ 43.1.2 ᠍ ᠳᠦ ᠵᠢᠭᠠᠭᠰᠠᠨ ᠠᠯᠪᠠᠨ ᠲᠤᠰᠢᠶᠠᠯ ᠳᠤ 25 ᠪᠠ ᠲᠡᠭᠦᠨ ᠡᠴᠡ ᠳᠡᠭᠡᠭᠰᠢ ᠵᠢᠯ ᠠᠵᠢᠯᠯᠠᠭᠰᠠᠨ ᠢᠷᠭᠡᠨ ᠥᠨᠳᠥᠷ ᠨᠠᠰᠤᠨ ᠤ ᠲᠡᠳᠬᠦᠪᠦᠷᠢ ᠲᠣᠭᠲᠠᠭᠠᠯᠭᠠᠬᠤ ᠳᠤ ᠲᠡᠭᠦᠨ ᠦ ᠦᠨᠳᠦᠰᠦᠨ ᠴᠠᠯᠢᠩ ᠢᠶᠠᠷ ᠲᠣᠭᠠᠴᠠᠵᠤ ᠨᠢᠭᠡ ᠤᠳᠠᠭ᠎ᠠ ᠶᠢᠨ ᠪᠤᠴᠠᠯᠲᠠ ᠦᠭᠡᠢ ᠮᠥᠩᠭᠥᠨ ᠲᠡᠳᠬᠦᠮᠵᠢ ᠶᠢ ᠠᠵᠢᠯᠯᠠᠵᠤ ᠪᠠᠶᠢᠭ᠎ᠠ ᠪᠠᠶᠢᠭᠤᠯᠤᠯᠭ᠎ᠠ ᠠᠴᠠ ᠨᠢ ᠣᠯᠭᠣᠬᠤ ᠪᠥᠭᠡᠳ ᠱᠠᠭᠠᠷᠳᠠᠭᠳᠠᠬᠤ ᠵᠠᠷᠤᠳᠠᠯ ᠢ ᠨᠢ ᠲᠤᠬᠠᠢ ᠶᠢᠨ ᠵᠢᠯ ᠦᠨ ᠲᠥᠰᠥᠪ ᠲᠦ ᠲᠤᠰᠬᠠᠬᠤ;
/ᠡᠨᠡ ᠵᠢᠭᠠᠯᠲᠠ ᠶᠢ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠥᠭᠡᠷᠡᠴᠢᠯᠡᠨ ᠨᠠᠶᠢᠷᠠᠭᠤᠯᠤᠭᠰᠠᠨ/
/ᠡᠨᠡ ᠵᠢᠭᠠᠯᠲᠠ ᠶᠢ 2012 ᠣᠨ ᠤ 5 ᠳ᠋ᠤᠭᠠᠷ ᠰᠠᠷ᠎ᠠ ᠶᠢᠨ 09 ᠍ ᠦ ᠡᠳᠦᠷ ᠦᠨ ᠬᠠᠤᠯᠢ ᠪᠠᠷ ᠥᠭᠡᠷᠡᠴᠢᠯᠡᠨ ᠨᠠᠶᠢᠷᠠᠭᠤᠯᠤᠭᠰᠠᠨ/
/ᠡᠨᠡ ᠵᠢᠭᠠᠯᠲᠠ ᠶᠢ 2015 ᠣᠨ ᠤ 1 ᠳᠦᠭᠡᠷ ᠰᠠᠷ᠎ᠠ ᠶᠢᠨ 23 ᠍ ᠤ ᠡᠳᠦᠷ ᠦᠨ ᠬᠠᠤᠯᠢ ᠪᠠᠷ ᠥᠭᠡᠷᠡᠴᠢᠯᠡᠨ ᠨᠠᠶᠢᠷᠠᠭᠤᠯᠤᠭᠰᠠᠨ/
43.1.5.ᠲᠤᠬᠠᠢ ᠶᠢᠨ ᠨᠤᠲᠤᠭ ᠳᠡᠪᠢᠰᠬᠡᠷ ᠦᠨ ᠣᠨᠴᠠᠯᠢᠭ᠂ ᠲᠥᠪ ᠡᠴᠡ ᠠᠯᠤᠰᠯᠠᠭᠳᠠᠭᠰᠠᠨ ᠪᠠᠶᠢᠳᠠᠯ ᠢ ᠬᠠᠷᠠᠭᠠᠯᠵᠠᠨ ᠪᠠᠭᠰᠢ ᠳᠤ ᠨᠡᠮᠡᠭᠳᠡᠯ ᠴᠠᠯᠢᠩ᠂ ᠤᠷᠮᠠᠰᠢᠯ᠂ ᠪᠤᠰᠤᠳ ᠳᠡᠮᠵᠢᠯᠭᠡ ᠦᠵᠡᠭᠦᠯᠬᠦ;
/ᠡᠨᠡ ᠵᠢᠭᠠᠯᠲᠠ ᠶᠢ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠥᠭᠡᠷᠡᠴᠢᠯᠡᠨ ᠨᠠᠶᠢᠷᠠᠭᠤᠯᠤᠭᠰᠠᠨ/
43.1.6./ᠡᠨᠡ ᠵᠢᠭᠠᠯᠲᠠ ᠶᠢ 2012 ᠣᠨ ᠤ 5 ᠳ᠋ᠤᠭᠠᠷ ᠰᠠᠷ᠎ᠠ ᠶᠢᠨ 09 ᠍ ᠦ ᠡᠳᠦᠷ ᠦᠨ ᠬᠠᠤᠯᠢ ᠪᠠᠷ ᠬᠦᠴᠦᠨ ᠭᠦᠢ ᠪᠣᠯᠤᠭᠰᠠᠨ ᠳᠤ ᠲᠣᠭᠠᠴᠠᠭᠰᠠᠨ/
43.1.7.ᠳᠠᠷᠠᠭᠠᠬᠢ ᠡᠲᠡᠭᠡᠳ ᠲᠦ 5 ᠵᠢᠯ ᠲᠤᠲᠤᠮ ᠳᠤ ᠨᠢᠭᠡ ᠤᠳᠠᠭ᠎ᠠ 6 ᠰᠠᠷ᠎ᠠ ᠶᠢᠨ ᠦᠨᠳᠦᠰᠦᠨ ᠴᠠᠯᠢᠩ ᠲᠠᠢ ᠨᠢ ᠲᠡᠩᠴᠡᠬᠦ ᠬᠡᠮᠵᠢᠶᠡᠨ ᠦ ᠮᠥᠩᠭᠥᠨ ᠲᠡᠳᠬᠦᠮᠵᠢ ᠶᠢ ᠤᠯᠤᠰ ᠤᠨ ᠲᠥᠰᠥᠪ ᠡᠴᠡ ᠠᠵᠢᠯᠯᠠᠵᠤ ᠪᠠᠶᠢᠭ᠎ᠠ ᠪᠠᠶᠢᠭᠤᠯᠤᠯᠭ᠎ᠠ ᠪᠠᠷ ᠨᠢ ᠳᠠᠮᠵᠢᠭᠤᠯᠤᠨ ᠣᠯᠭᠣᠬᠤ᠄
43.1.7.ᠠ.ᠰᠤᠮᠤ᠂ ᠲᠣᠰᠬᠣᠨ᠂ ᠪᠠᠭ ᠤᠨ ᠰᠤᠷᠭᠠᠭᠤᠯᠢ᠂ ᠴᠡᠴᠡᠷᠯᠢᠭ ᠦᠨ ᠡᠷᠬᠢᠯᠡᠭᠴᠢ᠂ ᠰᠤᠷᠭᠠᠭᠤᠯᠢ ᠶᠢᠨ ᠵᠠᠬᠢᠷᠤᠯ᠂ ᠬᠢᠴᠢᠶᠡᠯ ᠦᠨ ᠡᠷᠬᠢᠯᠡᠭᠴᠢ /ᠰᠤᠷᠭᠠᠯᠲᠠ ᠶᠢᠨ ᠮᠧᠨᠧᠵᠧᠷ/᠂ ᠰᠤᠷᠭᠠᠭᠤᠯᠢ ᠶᠢᠨ ᠨᠡᠶᠢᠭᠡᠮ ᠤᠨ ᠠᠵᠢᠯᠲᠠᠨ᠂ ᠳᠣᠲᠣᠭᠤᠷ ᠪᠠᠶᠢᠷᠢᠨ ᠤ ᠪᠠᠭᠰᠢ᠂ ᠠᠯᠪᠠᠨ ᠪᠤᠰᠤ ᠪᠣᠯᠪᠠᠰᠤᠷᠠᠯ ᠤᠨ ᠪᠠᠭᠰᠢ᠂ ᠴᠡᠴᠡᠷᠯᠢᠭ ᠦᠨ ᠠᠷᠭ᠎ᠠ ᠵᠦᠢᠴᠢ᠂ ᠰᠤᠷᠭᠠᠭᠤᠯᠢ ᠶᠢᠨ ᠨᠣᠮ ᠤᠨ ᠰᠠᠩᠴᠢ᠂ ᠰᠤᠷᠭᠠᠭᠤᠯᠢ᠂ ᠴᠡᠴᠡᠷᠯᠢᠭ ᠦᠨ ᠡᠮᠴᠢ;
/ᠡᠨᠡ ᠵᠢᠭᠠᠯᠲᠠ ᠶᠢ 2014 ᠣᠨ ᠤ 1 ᠳᠦᠭᠡᠷ ᠰᠠᠷ᠎ᠠ ᠶᠢᠨ 01 ᠍ ᠦ ᠡᠳᠦᠷ ᠡᠴᠡ ᠡᠬᠢᠯᠡᠨ ᠳᠠᠭᠠᠵᠤ ᠮᠥᠷᠳᠡᠨ᠎ᠡ/
43.1.7.ᠪ.ᠰᠤᠮᠤ᠂ ᠲᠣᠰᠬᠣᠨ᠂ ᠪᠠᠭ ᠤᠨ ᠰᠤᠷᠭᠠᠭᠤᠯᠢ᠂ ᠴᠡᠴᠡᠷᠯᠢᠭ ᠦᠨ ᠡᠨᠡ ᠬᠠᠤᠯᠢ ᠶᠢᠨ 43.1.7.ᠠ ᠳᠦ ᠵᠢᠭᠠᠭᠰᠠᠨ ᠠᠴᠠ ᠪᠤᠰᠤᠳ ᠪᠠᠭᠰᠢ᠂ ᠲᠤᠰᠯᠠᠬᠤ ᠪᠠᠭᠰᠢ᠃
/ᠡᠨᠡ ᠵᠢᠭᠠᠯᠲᠠ ᠶᠢ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠨᠡᠮᠡᠭᠰᠡᠨ/
/ᠡᠨᠡ ᠵᠢᠭᠠᠯᠲᠠ ᠶᠢ 2012 ᠣᠨ ᠤ 5 ᠳ᠋ᠤᠭᠠᠷ ᠰᠠᠷ᠎ᠠ ᠶᠢᠨ 09 ᠍ ᠦ ᠡᠳᠦᠷ ᠦᠨ ᠬᠠᠤᠯᠢ ᠪᠠᠷ ᠥᠭᠡᠷᠡᠴᠢᠯᠡᠨ ᠨᠠᠶᠢᠷᠠᠭᠤᠯᠤᠭᠰᠠᠨ/
43.1.8.ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠶᠢᠨ ᠡᠮᠴᠢ᠂ ᠪᠠᠭ᠎ᠠ ᠠᠩᠬᠢ ᠶᠢᠨ ᠪᠠᠭᠰᠢ ᠳᠤ ᠬᠥᠭᠵᠢᠯ ᠦᠨ ᠪᠡᠷᠬᠡᠰᠢᠶᠡᠯ ᠲᠡᠢ ᠬᠦᠮᠦᠨ ᠦ ᠡᠷᠬᠡ ᠶᠢᠨ ᠲᠤᠬᠠᠢ ᠬᠠᠤᠯᠢ ᠶᠢᠨ 7.8 ᠍ ᠳᠦ ᠵᠢᠭᠠᠭᠰᠠᠨ ᠨᠡᠮᠡᠭᠳᠡᠯ ᠢ ᠬᠥᠭᠵᠢᠯ ᠦᠨ ᠪᠡᠷᠬᠡᠰᠢᠶᠡᠯ ᠲᠡᠢ ᠬᠡᠦᠬᠡᠳ ᠦᠨ ᠲᠣᠭᠠᠨ ᠠᠴᠠ ᠬᠠᠮᠢᠶᠠᠷᠴᠢ ᠰᠠᠷ᠎ᠠ ᠪᠦᠷᠢ ᠣᠯᠭᠣᠬᠤ;
/ᠡᠨᠡ ᠵᠢᠭᠠᠯᠲᠠ ᠶᠢ 2013 ᠣᠨ ᠤ 2 ᠳ᠋ᠤᠭᠠᠷ ᠰᠠᠷ᠎ᠠ ᠶᠢᠨ 07 ᠍ ᠤ ᠡᠳᠦᠷ ᠦᠨ ᠬᠠᠤᠯᠢ ᠪᠠᠷ ᠨᠡᠮᠡᠭᠰᠡᠨ/
/ᠡᠨᠡ ᠵᠢᠭᠠᠯᠲᠠ ᠳᠤ 2016 ᠣᠨ ᠤ 2 ᠳ᠋ᠤᠭᠠᠷ ᠰᠠᠷ᠎ᠠ ᠶᠢᠨ 05 ᠍ ᠤ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
43.1.9. ᠬᠠᠤᠯᠢ ᠳᠤ ᠵᠢᠭᠠᠭᠰᠠᠨ ᠪᠤᠰᠤᠳ ᠪᠠᠲᠤᠯᠠᠭ᠎ᠠ᠃
/ᠡᠨᠡ ᠵᠢᠭᠠᠯᠲᠠ ᠶᠢᠨ ᠳ᠋ᠤᠭᠠᠷ ᠲᠤ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
/ᠡᠨᠡ ᠵᠢᠭᠠᠯᠲᠠ ᠶᠢᠨ ᠳ᠋ᠤᠭᠠᠷm 2013 ᠣᠨ ᠤ 2 ᠳ᠋ᠤᠭᠠᠷ ᠰᠠᠷ᠎ᠠ ᠶᠢᠨ 07 ᠍ ᠤ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
43.2᠃ ᠰᠤᠷᠤᠯᠴᠠᠭᠴᠢ ᠨᠡᠶᠢᠭᠡᠮ ᠤᠨ ᠳᠠᠷᠠᠭᠠᠬᠢ ᠪᠠᠲᠤᠯᠠᠭ᠎ᠠ ᠪᠠᠷ ᠬᠠᠩᠭᠠᠭᠳᠠᠨ᠎ᠠ᠄
43.2.1. ᠣᠷᠣᠰᠢᠨ ᠰᠠᠭᠤᠳᠠᠭ ᠭᠠᠵᠠᠷ ᠠᠴᠠ ᠪᠠᠨ ᠰᠤᠷᠭᠠᠭᠤᠯᠢ ᠳᠤ ᠲᠣᠭᠲᠠᠮᠠᠯ ᠶᠠᠪᠤᠬᠤ ᠪᠣᠯᠤᠮᠵᠢ ᠦᠭᠡᠢ᠂ ᠥᠨᠥᠴᠢᠨ ᠪᠤᠶᠤ ᠠᠮᠢᠵᠢᠷᠭᠠᠨ ᠤ ᠲᠦᠪᠰᠢᠨ ᠳᠣᠣᠭᠤᠷ ᠰᠤᠷᠤᠯᠴᠠᠭᠴᠢ ᠶᠢ ᠳᠣᠲᠣᠭᠤᠷ ᠪᠠᠶᠢᠷᠢ ᠪᠠᠷ ᠬᠠᠩᠭᠠᠬᠤ;
43.2.2.ᠶᠡᠷᠦᠩᠬᠡᠢ ᠪᠣᠯᠪᠠᠰᠤᠷᠠᠯ ᠤᠨ ᠰᠤᠷᠭᠠᠭᠤᠯᠢ᠂ ᠮᠡᠷᠭᠡᠵᠢᠯ ᠦᠨ ᠪᠣᠯᠪᠠᠰᠤᠷᠠᠯ᠂ ᠰᠤᠷᠭᠠᠯᠲᠠ ᠶᠢᠨ ᠪᠠᠶᠢᠭᠤᠯᠤᠯᠭ᠎ᠠ ᠶᠢᠨ ᠳᠣᠲᠣᠭᠤᠷ ᠪᠠᠶᠢᠷᠢᠨ ᠳᠤ ᠲᠥᠯᠦᠪᠦᠷᠢ ᠦᠭᠡᠢ ᠰᠠᠭᠤᠬᠤ;
/ᠡᠨᠡ ᠵᠢᠭᠠᠯᠲᠠ ᠳᠤ 2009 ᠣᠨ ᠤ 2 ᠳ᠋ᠤᠭᠠᠷ ᠰᠠᠷ᠎ᠠ ᠶᠢᠨ 13 ᠍ ᠤ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
43.2.ᠽ.ᠰᠤᠷᠤᠭᠴᠢ ᠶᠢ ᠬᠢᠴᠢᠶᠡᠯ ᠦᠨ ᠵᠢᠯ ᠡᠬᠢᠯᠡᠬᠦ᠂ ᠳᠠᠭᠤᠰᠬᠤ ᠪᠣᠯᠤᠨ ᠤᠯᠠᠷᠢᠯ ᠤᠨ ᠠᠮᠠᠷᠠᠯᠲᠠ ᠪᠠᠷ ᠰᠤᠷᠭᠠᠭᠤᠯᠢᠳᠠᠭ᠎ᠠ ᠢᠷᠡᠬᠦ᠂ ᠭᠡᠷ ᠲᠦ ᠪᠡᠨ ᠪᠤᠴᠠᠬᠤ ᠳᠤ ᠡᠴᠢᠭᠡ᠂ ᠡᠬᠡ᠂ ᠠᠰᠠᠷᠠᠨ ᠬᠠᠮᠠᠭᠠᠯᠠᠭᠴᠢ ᠶᠢᠨ ᠵᠠᠷᠤᠳᠠᠯ᠂ ᠬᠦᠰᠡᠯᠲᠦ ᠪᠡᠷ ᠤᠨᠤᠭ᠎ᠠ ᠪᠠᠷ ᠦᠢᠯᠡᠴᠢᠯᠡᠬᠦ ᠠᠷᠭ᠎ᠠ ᠬᠡᠮᠵᠢᠶ᠎ᠡ ᠶᠢ ᠰᠤᠷᠭᠠᠭᠤᠯᠢ ᠶᠢᠨ ᠵᠠᠬᠢᠷᠭ᠎ᠠ᠂ ᠨᠤᠲᠤᠭ ᠤᠨ ᠵᠠᠬᠢᠷᠭᠠᠨ ᠤ ᠪᠠᠶᠢᠭᠤᠯᠤᠯᠭ᠎ᠠ ᠲᠠᠢ ᠬᠠᠮᠲᠤᠷᠠᠨ ᠵᠣᠬᠢᠶᠠᠨ ᠪᠠᠶᠢᠭᠤᠯᠬᠤ;
43.2.4. ᠣᠷᠣᠰᠢᠨ ᠰᠠᠭᠤᠳᠠᠭ ᠭᠠᠵᠠᠷ ᠠᠴᠠ ᠪᠠᠨ ᠥᠭᠡᠷ᠎ᠡ ᠠᠶᠢᠮᠠᠭ᠂ ᠬᠣᠲᠠᠳ ᠰᠤᠷᠤᠯᠴᠠᠵᠤ ᠪᠠᠶᠢᠭ᠎ᠠ ᠣᠶᠤᠲᠠᠨ ᠤ ᠵᠢᠯ ᠳᠦ 2 ᠤᠳᠠᠭ᠎ᠠ ᠣᠷᠣᠨ ᠨᠤᠲᠤᠭ ᠲᠤ ᠪᠠᠨ ᠢᠷᠡᠵᠦ᠂ ᠣᠴᠢᠬᠤ ᠵᠠᠷᠤᠳᠠᠯ ᠢ ᠵᠠᠰᠠᠭ ᠤᠨ ᠭᠠᠵᠠᠷ ᠠᠴᠠ ᠲᠣᠭᠲᠠᠭᠠᠭᠰᠠᠨ ᠵᠢᠷᠤᠮ ᠤᠨ ᠳᠠᠭᠠᠤ ᠬᠥᠩᠭᠡᠯᠡᠬᠦ;
43.2.5.ᠨᠡᠶᠢᠲᠡ ᠶᠢᠨ ᠲᠡᠭᠡᠭᠡᠪᠦᠷᠢ ᠶᠢᠨ ᠬᠡᠷᠡᠭᠰᠡᠯ ᠢᠶᠡᠷ ᠬᠢᠴᠢᠶᠡᠯ ᠳᠦ ᠪᠡᠨ ᠶᠠᠪᠤᠬᠤ ᠵᠠᠶᠢᠯᠠᠰᠢ ᠦᠭᠡᠢ ᠱᠠᠭᠠᠷᠳᠠᠯᠭ᠎ᠠ ᠲᠠᠢ ᠰᠤᠷᠤᠭᠴᠢ᠂ ᠣᠶᠤᠲᠠᠨ ᠤ ᠨᠡᠶᠢᠲᠡ ᠶᠢᠨ ᠲᠡᠭᠡᠭᠡᠪᠦᠷᠢ ᠶᠢᠨ ᠬᠡᠷᠡᠭᠰᠡᠯ ᠢᠶᠡᠷ ᠵᠣᠷᠴᠢᠬᠤ ᠵᠠᠷᠤᠳᠠᠯ ᠤᠨ 50 ᠬᠦᠷᠲᠡᠯ᠎ᠡ ᠬᠤᠪᠢ ᠲᠠᠢ ᠲᠡᠩᠴᠡᠬᠦ ᠬᠡᠮᠵᠢᠶᠡᠨ ᠦ ᠨᠥᠬᠥᠨ ᠣᠯᠭᠣᠪᠤᠷᠢ ᠶᠢ ᠠᠶᠢᠮᠠᠭ᠂ ᠨᠡᠶᠢᠰᠯᠡᠯ ᠦᠨ ᠢᠷᠭᠡᠳ ᠦᠨ ᠲᠥᠯᠥᠭᠡᠯᠡᠭᠴᠢᠳ ᠦᠨ ᠬᠤᠷᠠᠯ ᠠᠴᠠ ᠲᠣᠭᠲᠠᠭᠠᠭᠰᠠᠨ ᠵᠢᠷᠤᠮ ᠤᠨ ᠳᠠᠭᠠᠤ ᠣᠯᠭᠣᠬᠤ;
/ᠡᠨᠡ ᠵᠢᠭᠠᠯᠲᠠ ᠳᠤ 2008 ᠣᠨ ᠤ 5 ᠳ᠋ᠤᠭᠠᠷ ᠰᠠᠷ᠎ᠠ ᠶᠢᠨ 29 ᠍ ᠦ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
/ᠡᠨᠡ ᠵᠢᠭᠠᠯᠲᠠ ᠳᠤ 2016 ᠣᠨ ᠤ 9 ᠳᠦᠭᠡᠷ ᠰᠠᠷ᠎ᠠ ᠶᠢᠨ 07 ᠍ ᠤ ᠡᠳᠦᠷ ᠦᠨ ᠬᠠᠤᠯᠢ ᠪᠠᠷ ᠨᠡᠮᠡᠯᠲᠡ ᠳᠦ ᠣᠷᠣᠭᠤᠯᠤᠭᠰᠠᠨ/
43.2.6.ᠵᠠᠰᠠᠭ ᠤᠨ ᠭᠠᠵᠠᠷ ᠠᠴᠠ ᠲᠣᠭᠲᠠᠭᠠᠭᠰᠠᠨ ᠵᠢᠷᠤᠮ ᠤᠨ ᠳᠠᠭᠠᠤ ᠡᠮᠨᠡᠯᠭᠡ᠂ ᠨᠡᠶᠢᠲᠡ ᠶᠢᠨ ᠬᠣᠭᠣᠯᠠ᠂ ᠰᠤᠶᠤᠯ᠂ ᠤᠷᠠᠯᠢᠭ ᠤᠨ ᠪᠣᠯᠤᠨ ᠠᠬᠤᠢ ᠶᠢᠨ ᠦᠢᠯᠡᠴᠢᠯᠡᠭᠡ ᠪᠡᠷ ᠦᠢᠯᠡᠴᠢᠯᠡᠬᠦ ᠵᠠᠷᠤᠳᠠᠯ ᠢ ᠬᠥᠩᠭᠡᠯᠡᠬᠦ;
43.2.7.ᠰᠤᠷᠤᠯᠴᠠᠭᠴᠢ ᠶᠢᠨ ᠣᠨᠴᠠᠭᠠᠢ ᠠᠪᠢᠶᠠᠰ᠂ ᠴᠢᠳᠠᠪᠤᠷᠢ ᠶᠢ ᠨᠡᠭᠡᠭᠡᠨ ᠢᠯᠡᠷᠡᠭᠦᠯᠵᠦ ᠬᠥᠭᠵᠢᠭᠦᠯᠬᠦ᠂ ᠤᠷᠮᠠᠰᠢᠭᠤᠯᠤᠨ ᠳᠡᠮᠵᠢᠬᠦ᠂ ᠥᠨᠥᠴᠢᠨ᠂ ᠠᠮᠢᠵᠢᠷᠭᠠᠨ ᠤ ᠲᠦᠪᠰᠢᠨ ᠳᠣᠣᠭᠤᠷ᠂ ᠬᠥᠭᠵᠢᠯ ᠦᠨ ᠪᠡᠷᠬᠡᠰᠢᠶᠡᠯ ᠲᠡᠢ ᠰᠤᠷᠤᠯᠴᠠᠭᠴᠢ ᠶᠢ ᠰᠤᠷᠬᠤ ᠨᠥᠬᠥᠴᠡᠯ ᠪᠣᠯᠤᠯᠴᠠᠭ᠎ᠠ ᠪᠠᠷ ᠲᠥᠷᠥ ᠡᠴᠡ ᠬᠠᠩᠭᠠᠬᠤ;
/ᠡᠨᠡ ᠵᠢᠭᠠᠯᠲᠠ ᠳᠤ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
43.2.8.ᠬᠥᠳᠡᠭᠡ ᠶᠢᠨ ᠰᠤᠮᠤᠳ ᠤᠨ ᠵᠠᠬᠢᠶᠠᠯᠠᠭ᠎ᠠ ᠭᠡᠷ᠎ᠡ ᠶᠢᠨ ᠳᠠᠭᠠᠤ ᠪᠠᠭᠰᠢ ᠮᠡᠷᠭᠡᠵᠢᠯ ᠢᠶᠡᠷ ᠰᠤᠷᠤᠯᠴᠠᠵᠤ ᠪᠠᠶᠢᠭ᠎ᠠ ᠣᠶᠤᠲᠠᠨ᠂ ᠮᠠᠭᠢᠰᠲ᠋ᠷᠠᠨᠲ ᠲᠤ ᠪᠣᠯᠪᠠᠰᠤᠷᠠᠯ ᠤᠨ ᠵᠡᠭᠡᠯᠢ ᠶᠢᠨ ᠰᠠᠩ ᠠᠴᠠ ᠬᠥᠩᠭᠡᠯᠲᠡ ᠲᠡᠢ ᠨᠥᠬᠥᠴᠡᠯ ᠢᠶᠡᠷ ᠵᠡᠭᠡᠯᠢ᠂ ᠲᠡᠳᠬᠦᠯᠭᠡ ᠣᠯᠭᠣᠬᠤ;
/ᠡᠨᠡ ᠵᠢᠭᠠᠯᠲᠠ ᠳᠤ 2016 ᠣᠨ ᠤ 9 ᠳᠦᠭᠡᠷ ᠰᠠᠷ᠎ᠠ ᠶᠢᠨ 07 ᠍ ᠤ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
43.2.9.ᠰᠤᠷᠤᠯᠭ᠎ᠠ᠂ ᠰᠫᠣᠷᠲ᠂ ᠤᠷᠠᠯᠢᠭ ᠤᠨ ᠣᠨᠴᠠᠭᠠᠢ ᠠᠮᠵᠢᠯᠲᠠ ᠭᠠᠷᠭᠠᠭᠰᠠᠨ ᠰᠤᠷᠤᠯᠴᠠᠭᠴᠢ ᠳᠠᠳ ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠪᠣᠯᠤᠨ ᠶᠡᠷᠦᠩᠬᠡᠢ ᠰᠠᠶᠢᠳ ᠤᠨ ᠨᠡᠷᠡᠮᠵᠢᠲᠦ ᠲᠡᠳᠬᠦᠯᠭᠡ ᠣᠯᠭᠣᠬᠤ;
/ᠡᠨᠡ ᠵᠢᠭᠠᠯᠲᠠ ᠶᠢ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠨᠡᠮᠡᠭᠰᠡᠨ/
43.2.10.ᠮᠡᠷᠭᠡᠵᠢᠯ ᠦᠨ ᠪᠣᠯᠪᠠᠰᠤᠷᠠᠯ᠂ ᠰᠤᠷᠭᠠᠯᠲᠠ ᠶᠢᠨ ᠪᠠᠶᠢᠭᠤᠯᠤᠯᠭ᠎ᠠ ᠳᠤ ᠰᠤᠷᠤᠯᠴᠠᠭᠴᠢᠳ ᠲᠤ ᠵᠠᠰᠠᠭ ᠤᠨ ᠭᠠᠵᠠᠷ ᠠᠴᠠ ᠲᠣᠭᠲᠠᠭᠠᠭᠰᠠᠨ ᠬᠡᠮᠵᠢᠶ᠎ᠡ᠂ ᠵᠢᠷᠤᠮ ᠤᠨ ᠳᠠᠭᠠᠤ ᠰᠠᠷ᠎ᠠ ᠲᠤᠲᠤᠮ ᠲᠡᠳᠬᠦᠯᠭᠡ ᠣᠯᠭᠣᠬᠤ;
/ᠡᠨᠡ ᠵᠢᠭᠠᠯᠲᠠ ᠶᠢ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠨᠡᠮᠡᠭᠰᠡᠨ/
/ᠡᠨᠡ ᠵᠢᠭᠠᠯᠲᠠ ᠳᠤ 2009 ᠣᠨ ᠤ 2 ᠳ᠋ᠤᠭᠠᠷ ᠰᠠᠷ᠎ᠠ ᠶᠢᠨ 13 ᠍ ᠤ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
43.2.11. ᠬᠠᠤᠯᠢ ᠳᠤ ᠵᠢᠭᠠᠭᠰᠠᠨ ᠪᠤᠰᠤᠳ ᠪᠠᠲᠤᠯᠠᠭ᠎ᠠ᠃
/ᠡᠨᠡ ᠵᠢᠭᠠᠯᠲᠠ ᠶᠢᠨ ᠳ᠋ᠤᠭᠠᠷ ᠲᠤ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
43.3.ᠪᠠᠭᠰᠢ᠂ ᠰᠤᠷᠤᠯᠴᠠᠭᠴᠢ ᠳᠤ ᠦᠵᠡᠭᠦᠯᠬᠦ ᠬᠥᠩᠭᠡᠯᠡᠯᠲᠡ᠂ ᠨᠥᠬᠥᠬᠥ ᠣᠯᠭᠣᠪᠤᠷᠢ᠂ ᠲᠡᠳᠬᠦᠯᠭᠡ᠂ ᠲᠡᠳᠬᠦᠮᠵᠢ᠂ ᠱᠠᠩᠨᠠᠯ ᠤᠷᠮᠠᠰᠢᠯ ᠨᠢ ᠥᠮᠴᠢ ᠶᠢᠨ ᠬᠡᠯᠪᠡᠷᠢ ᠬᠠᠷᠠᠭᠠᠯᠵᠠᠬᠤ ᠦᠭᠡᠢ ᠠᠳᠠᠯᠢ ᠲᠡᠭᠰᠢ ᠪᠠᠶᠢᠨ᠎ᠠ᠃
43.4.ᠶᠡᠷᠦᠩᠬᠡᠢ ᠪᠣᠯᠪᠠᠰᠤᠷᠠᠯ ᠤᠨ ᠰᠤᠷᠭᠠᠭᠤᠯᠢ᠂ ᠴᠡᠴᠡᠷᠯᠢᠭ ᠦᠨ ᠪᠠᠭᠰᠢ᠂ ᠪᠤᠰᠤᠳ ᠠᠯᠪᠠᠨ ᠬᠠᠭᠠᠭᠴᠢᠳ ᠦᠷ᠎ᠡ ᠳᠦᠩ ᠦᠨ ᠤᠷᠮᠠᠰᠢᠭᠤᠯᠤᠯ ᠣᠯᠭᠣᠬᠤ ᠪᠥᠭᠡᠳ ᠤᠭ ᠤᠷᠮᠠᠰᠢᠭᠤᠯᠤᠯ ᠤᠨ ᠬᠡᠮᠵᠢᠶ᠎ᠡ᠂ ᠲᠡᠭᠦᠨ ᠢ ᠣᠯᠭᠣᠬᠤ ᠵᠢᠷᠤᠮ ᠢ ᠲᠥᠷᠥ ᠶᠢᠨ ᠠᠯᠪᠠᠨ ᠤ ᠲᠤᠬᠠᠢ ᠬᠠᠤᠯᠢ ᠶᠢᠨ 31.3 ᠍ ᠳᠦ ᠵᠢᠭᠠᠭᠰᠠᠨ ᠤ ᠳᠠᠭᠠᠤ ᠵᠠᠰᠠᠭ ᠤᠨ ᠭᠠᠵᠠᠷ ᠪᠠᠲᠤᠯᠠᠨ᠎ᠠ᠃
/ᠡᠨᠡ ᠬᠡᠰᠡᠭ ᠢ 2012 ᠣᠨ ᠤ 5 ᠳ᠋ᠤᠭᠠᠷ ᠰᠠᠷ᠎ᠠ ᠶᠢᠨ 09 ᠍ ᠦ ᠡᠳᠦᠷ ᠦᠨ ᠬᠠᠤᠯᠢ ᠪᠠᠷ ᠨᠡᠮᠡᠭᠰᠡᠨ/
43.5.ᠲᠥᠷᠥ ᠶᠢᠨ ᠪᠣᠯᠤᠨ ᠣᠷᠣᠨ ᠨᠤᠲᠤᠭ ᠤᠨ ᠥᠮᠴᠢ ᠶᠢᠨ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ᠂ ᠴᠡᠴᠡᠷᠯᠢᠭ ᠲᠦ ᠡᠨᠡ ᠬᠠᠤᠯᠢ ᠶᠢᠨ 3.1.15 ᠍ ᠳᠦ ᠵᠢᠭᠠᠭᠰᠠᠨ ᠠᠯᠪᠠᠨ ᠲᠤᠰᠢᠶᠠᠯ ᠳᠤ 25 ᠪᠠ ᠲᠡᠭᠦᠨ ᠡᠴᠡ ᠳᠡᠭᠡᠭᠰᠢ ᠵᠢᠯ ᠠᠵᠢᠯᠯᠠᠭᠰᠠᠨ ᠢᠷᠭᠡᠨ ᠥᠨᠳᠥᠷ ᠨᠠᠰᠤᠨ ᠤ ᠲᠡᠳᠬᠦᠪᠦᠷᠢ ᠲᠣᠭᠲᠠᠭᠠᠯᠭᠠᠬᠤ ᠳᠤ ᠲᠡᠭᠦᠨ ᠦ ᠦᠨᠳᠦᠰᠦᠨ ᠴᠠᠯᠢᠩ ᠠᠴᠠ ᠨᠢ ᠲᠣᠭᠠᠴᠠᠵᠤ ᠨᠢᠭᠡ ᠤᠳᠠᠭ᠎ᠠ ᠶᠢᠨ ᠪᠤᠴᠠᠯᠲᠠ ᠦᠭᠡᠢ ᠮᠥᠩᠭᠥᠨ ᠲᠡᠳᠬᠦᠮᠵᠢ ᠶᠢ ᠠᠵᠢᠯᠯᠠᠵᠤ ᠪᠠᠶᠢᠭ᠎ᠠ ᠪᠠᠶᠢᠭᠤᠯᠤᠯᠭ᠎ᠠ ᠠᠴᠠ ᠨᠢ ᠣᠯᠭᠣᠬᠤ ᠪᠥᠭᠡᠳ ᠱᠠᠭᠠᠷᠳᠠᠭᠳᠠᠬᠤ ᠵᠠᠷᠤᠳᠠᠯ ᠢ ᠨᠢ ᠲᠤᠬᠠᠢ ᠶᠢᠨ ᠵᠢᠯ ᠦᠨ ᠲᠥᠰᠥᠪ ᠲᠦ ᠲᠤᠰᠬᠠᠨ᠎ᠠ᠃
/ᠡᠨᠡ ᠬᠡᠰᠡᠭ ᠢ 2012 ᠣᠨ ᠤ 5 ᠳ᠋ᠤᠭᠠᠷ ᠰᠠᠷ᠎ᠠ ᠶᠢᠨ 09 ᠍ ᠦ ᠡᠳᠦᠷ ᠦᠨ ᠬᠠᠤᠯᠢ ᠪᠠᠷ ᠨᠡᠮᠡᠭᠰᠡᠨ/
/ᠡᠨᠡ ᠬᠡᠰᠡᠭ ᠢ 2015 ᠣᠨ ᠤ 1 ᠳᠦᠭᠡᠷ ᠰᠠᠷ᠎ᠠ ᠶᠢᠨ 23 ᠍ ᠤ ᠡᠳᠦᠷ ᠦᠨ ᠬᠠᠤᠯᠢ ᠪᠠᠷ ᠥᠭᠡᠷᠡᠴᠢᠯᠡᠨ ᠨᠠᠶᠢᠷᠠᠭᠤᠯᠤᠭᠰᠠᠨ/
43.6.ᠡᠨᠡ ᠬᠠᠤᠯᠢ ᠶᠢᠨ 43.1.8 ᠍ ᠳᠦ ᠵᠢᠭᠠᠭᠰᠠᠨ ᠨᠡᠮᠡᠭᠳᠡᠯ ᠢ ᠲᠥᠷᠥ ᠶᠢᠨ ᠠᠯᠪᠠᠨ ᠤ ᠲᠤᠬᠠᠢ ᠬᠠᠤᠯᠢ ᠶᠢᠨ 28.9 ᠍ ᠳᠦ ᠵᠢᠭᠠᠭᠰᠠᠨ ᠤ ᠳᠠᠭᠠᠤ ᠲᠣᠭᠲᠠᠭᠠᠨ᠎ᠠ᠃
/ᠡᠨᠡ ᠬᠡᠰᠡᠭ ᠢ 2013 ᠣᠨ ᠤ 2 ᠳ᠋ᠤᠭᠠᠷ ᠰᠠᠷ᠎ᠠ ᠶᠢᠨ 07 ᠍ ᠤ ᠡᠳᠦᠷ ᠦᠨ ᠬᠠᠤᠯᠢ ᠪᠠᠷ ᠨᠡᠮᠡᠭᠰᠡᠨ/
43.7.ᠡᠨᠡ ᠬᠠᠤᠯᠢ ᠶᠢᠨ 43.1.4᠂ 43.5 ᠍ ᠳᠦ ᠵᠢᠭᠠᠭᠰᠠᠨ ᠨᠢᠭᠡ ᠤᠳᠠᠭ᠎ᠠ ᠶᠢᠨ ᠲᠡᠳᠬᠦᠮᠵᠢ ᠲᠣᠭᠠᠴᠠᠬᠤ ᠴᠠᠯᠢᠩ ᠤᠨ ᠳᠤᠮᠳᠠᠴᠢ ᠬᠡᠮᠵᠢᠶ᠎ᠡ᠂ ᠲᠡᠳᠬᠦᠮᠵᠢ ᠣᠯᠭᠣᠬᠤ ᠰᠢᠯᠭᠠᠭᠤᠷ ᠨᠥᠬᠥᠴᠡᠯ ᠢ ᠲᠥᠷᠥ ᠶᠢᠨ ᠠᠯᠪᠠᠨ ᠤ ᠲᠤᠬᠠᠢ ᠬᠠᠤᠯᠢ ᠶᠢᠨ 30.2 ᠍ ᠳᠦ ᠵᠢᠭᠠᠭᠰᠠᠨ ᠵᠢᠷᠤᠮ ᠢ ᠪᠠᠷᠢᠮᠲᠠᠯᠠᠨ ᠲᠣᠭᠲᠠᠭᠠᠨ᠎ᠠ᠃
/ᠡᠨᠡ ᠬᠡᠰᠡᠭ ᠢ 2015 ᠣᠨ ᠤ 1 ᠳᠦᠭᠡᠷ ᠰᠠᠷ᠎ᠠ ᠶᠢᠨ 23 ᠍ ᠤ ᠡᠳᠦᠷ ᠦᠨ ᠬᠠᠤᠯᠢ ᠪᠠᠷ ᠨᠡᠮᠡᠭᠰᠡᠨ/
ᠬᠡᠪᠯᠡᠬᠦ
ЗУРГАДУГААР БҮЛЭГ
ᠪᠣᠯᠪᠠᠰᠤᠷᠠᠯ ᠤᠨ ᠬᠠᠷᠢᠯᠴᠠᠭᠠᠨ ᠳᠤ ᠣᠷᠣᠯᠴᠠᠭᠴᠢᠳ ᠤᠨ ᠨᠡᠶᠢᠲᠡᠯᠢᠭ ᠡᠷᠬᠡ᠂ ᠡᠭᠦᠷᠭᠡ
44 ᠳᠦᠭᠡᠷ ᠵᠦᠢᠯ᠃ ᠪᠠᠭᠰᠢ ᠶᠢᠨ ᠡᠷᠬᠡ᠂ ᠡᠭᠦᠷᠭᠡ
44.1᠃ ᠪᠠᠭᠰᠢ ᠳᠠᠷᠠᠭᠠᠬᠢ ᠡᠷᠬᠡ ᠲᠡᠢ᠄
44.1.1.ᠰᠤᠷᠭᠠᠯᠲᠠ ᠶᠢᠨ ᠦᠢᠯᠡ ᠠᠵᠢᠯᠯᠠᠭ᠎ᠠ ᠶᠢ ᠬᠡᠪ ᠦᠨ ᠶᠠᠪᠤᠭᠤᠯᠬᠤ ᠨᠥᠬᠥᠴᠡᠯ ᠪᠣᠯᠤᠯᠴᠠᠭ᠎ᠠ ᠪᠠᠷ ᠬᠠᠩᠭᠠᠭᠤᠯᠬᠤ;
44.1.2.ᠰᠤᠷᠭᠠᠯᠲᠠ ᠳᠤ ᠰᠢᠨᠵᠢᠯᠡᠬᠦ ᠤᠬᠠᠭᠠᠨ ᠤ ᠳᠡᠪᠰᠢᠯᠲᠡ ᠠᠷᠭ᠎ᠠ ᠪᠠᠷᠢᠯ᠂ ᠪᠣᠯᠪᠠᠰᠤᠷᠠᠯ ᠤᠨ ᠰᠲ᠋ᠠᠨᠳᠠᠷᠲ ᠲᠤ ᠨᠡᠶᠢᠴᠡᠭᠰᠡᠨ ᠰᠤᠷᠬᠤ ᠪᠢᠴᠢᠭ᠂ ᠰᠤᠷᠭᠠᠯᠲᠠ ᠶᠢᠨ ᠬᠡᠷᠡᠭᠯᠡᠭᠳᠡᠬᠦᠨ ᠢ ᠰᠣᠩᠭᠣᠨ ᠬᠡᠷᠡᠭᠯᠡᠬᠦ;
44.1.ᠽ.ᠰᠤᠷᠤᠯᠴᠠᠭᠴᠢ ᠪᠣᠯᠤᠨ ᠲᠡᠭᠦᠨ ᠦ ᠡᠴᠢᠭᠡ᠂ ᠡᠬᠡ᠂ ᠠᠰᠠᠷᠠᠨ ᠬᠠᠮᠠᠭᠠᠯᠠᠭᠴᠢᠳ ᠱᠠᠭᠠᠷᠳᠠᠯᠭ᠎ᠠ ᠲᠠᠯᠪᠢᠬᠤ᠂ ᠵᠥᠪᠯᠡᠭᠡ ᠥᠭᠬᠦ;
44.1.4.ᠰᠤᠷᠤᠯᠴᠠᠭᠴᠢ ᠶᠢᠨ ᠮᠡᠳᠡᠯᠭᠡ᠂ ᠴᠢᠳᠠᠪᠤᠷᠢ᠂ ᠳᠠᠳᠤᠯ ᠢ ᠦᠨᠡᠯᠡᠬᠦ᠂ ᠲᠡᠳᠡᠨ ᠦ ᠠᠪᠢᠶᠠᠰ᠂ ᠪᠡᠶ᠎ᠡ ᠰᠡᠳᠬᠢᠴᠡ ᠶᠢᠨ ᠬᠥᠭᠵᠢᠯᠲᠡᠳ ᠲᠣᠳᠣᠷᠬᠠᠶᠢᠯᠠᠯᠲᠠ ᠥᠭᠬᠦ;
44.1.5.ᠰᠤᠷᠤᠯᠴᠠᠭᠴᠢ ᠶᠢ ᠰᠣᠩᠭᠣᠨ ᠰᠤᠷᠤᠯᠴᠠᠭᠤᠯᠬᠤ᠂ ᠮᠡᠷᠭᠡᠵᠢᠯ ᠦᠨ ᠪᠣᠯᠤᠨ ᠭᠦᠨᠵᠡᠭᠡᠶᠢᠷᠡᠭᠦᠯᠦᠭᠰᠡᠨ ᠰᠤᠷᠭᠠᠯᠲᠠ ᠵᠣᠬᠢᠶᠠᠨ ᠪᠠᠶᠢᠭᠤᠯᠬᠤ;
44.1.6. ᠰᠤᠳᠤᠯᠭ᠎ᠠ ᠰᠢᠨᠵᠢᠯᠡᠭᠡᠨ ᠦ ᠠᠵᠢᠯ ᠬᠢᠬᠦ᠂ ᠪᠠᠭᠰᠢ ᠶᠢᠨ ᠮᠡᠷᠭᠡᠵᠢᠯ ᠦᠨ ᠪᠣᠯᠤᠨ ᠪᠣᠯᠪᠠᠰᠤᠷᠠᠯ ᠤᠨ ᠵᠡᠷᠭᠡ ᠬᠠᠮᠠᠭᠠᠯᠠᠬᠤ᠂ ᠮᠡᠷᠭᠡᠵᠢᠯ ᠦᠨ ᠴᠣᠯᠠ ᠬᠦᠷᠲᠡᠬᠦ;
44.1.7. ᠬᠡᠦᠬᠡᠳ ᠦᠨ ᠡᠷᠡᠭᠦᠯ ᠮᠡᠨᠳᠦ᠂ ᠡᠷᠬᠡ ᠠᠰᠢᠭ ᠢ ᠬᠣᠬᠢᠷᠠᠭᠠᠭᠰᠠᠨ ᠡᠴᠢᠭᠡ᠂ ᠡᠬᠡ᠂ ᠠᠰᠠᠷᠠᠨ ᠬᠠᠮᠠᠭᠠᠯᠠᠭᠴᠢ ᠶᠢᠨ ᠲᠠᠯ᠎ᠠ ᠪᠠᠷ ᠨᠠᠰᠤᠨ ᠳᠤ ᠬᠦᠷ᠎ᠡ ᠭᠦᠢ ᠰᠤᠷᠤᠯᠴᠠᠭᠴᠢ ᠪᠠᠨ ᠲᠥᠯᠥᠭᠡᠯᠡᠨ ᠵᠣᠬᠢᠬᠤ ᠪᠠᠶᠢᠭᠤᠯᠤᠯᠭ᠎ᠠ ᠳᠤ ᠭᠣᠮᠣᠳᠠᠯ ᠭᠠᠷᠭᠠᠵᠤ ᠰᠢᠢᠳᠪᠦᠷᠢᠯᠡᠭᠦᠯᠬᠦ;
44.1.8/ᠡᠨᠡ ᠵᠠᠯᠲᠠ ᠶᠢ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠬᠦᠴᠦᠨ ᠭᠦᠢ ᠪᠣᠯᠤᠭᠰᠠᠨ ᠳᠤ ᠲᠣᠭᠠᠴᠠᠭᠰᠠᠨ/
44.2.ᠪᠠᠭᠰᠢ ᠳᠠᠷᠠᠭᠠᠬᠢ ᠡᠭᠦᠷᠭᠡ ᠲᠡᠢ᠄
44.2.1.ᠪᠠᠭᠰᠢ ᠶᠢᠨ ᠶᠣᠰᠣ ᠵᠦᠢ᠂ ᠨᠡᠷ᠎ᠡ ᠲᠥᠷᠥ ᠶᠢ ᠡᠷᠬᠢᠮᠯᠡᠨ ᠰᠠᠬᠢᠬᠤ;
44.2.2.ᠪᠣᠯᠪᠠᠰᠤᠷᠠᠯ ᠤᠨ ᠰᠲ᠋ᠠᠨᠳᠠᠷᠲ ᠢ ᠬᠡᠷᠡᠭᠵᠢᠭᠦᠯᠬᠦ;
44.2.3.ᠣᠨᠣᠯ ᠤᠨ ᠮᠡᠳᠡᠯᠭᠡ᠂ ᠵᠢᠭᠠᠬᠤ ᠠᠷᠭ᠎ᠠ᠂ ᠤᠷ᠎ᠠ ᠴᠢᠳᠠᠪᠤᠷᠢ ᠪᠠᠨ ᠳᠡᠭᠡᠭᠰᠢᠯᠡᠭᠦᠯᠬᠦ;
44.2.4.ᠰᠤᠷᠤᠯᠴᠠᠭᠴᠢᠳ ᠢ ᠢᠯᠭᠠᠪᠤᠷᠢᠯᠠᠨ ᠭᠠᠳᠠᠭᠤᠷᠬᠠᠬᠤ ᠦᠭᠡᠢ ᠪᠠᠶᠢᠬᠤ᠂ ᠨᠡᠷ᠎ᠡ ᠲᠥᠷᠥ ᠶᠢ ᠨᠢ ᠬᠦᠨᠳᠦᠳᠬᠡᠨ ᠬᠠᠮᠠᠭᠠᠯᠠᠬᠤ;
44.2.5.ᠰᠤᠷᠤᠯᠴᠠᠭᠴᠢ ᠪᠦᠷᠢ ᠶᠢᠨ ᠣᠨᠴᠠᠯᠢᠭ ᠪᠠᠶᠢᠳᠠᠯ ᠢ ᠬᠦᠯᠢᠶᠡᠨ ᠵᠥᠪᠰᠢᠶᠡᠷᠡᠴᠢ ᠬᠦᠮᠦᠯᠢᠭ ᠬᠠᠷᠢᠴᠠᠬᠤ᠂ ᠥᠪᠡᠷ ᠢᠶᠡᠨ ᠥᠪᠡᠷ ᠢ ᠪᠡᠨ ᠬᠥᠭᠵᠢᠭᠦᠯᠬᠦ᠂ ᠪᠡᠶ᠎ᠡ ᠬᠦᠮᠦᠨ ᠪᠣᠯᠵᠤ ᠲᠥᠯᠥᠪᠰᠢᠬᠦ ᠳᠦ ᠳᠡᠮᠵᠢᠯᠭᠡ ᠦᠵᠡᠭᠦᠯᠬᠦ;
44.2.6.ᠰᠤᠷᠤᠯᠴᠠᠭᠴᠢ ᠶᠢᠨ ᠪᠡᠶ᠎ᠡ ᠳᠠᠭᠠᠭᠰᠠᠨ ᠪᠠᠶᠢᠷᠢ ᠰᠠᠭᠤᠷᠢ᠂ ᠦᠵᠡᠯ ᠪᠣᠳᠣᠯ ᠳᠤ ᠬᠦᠨᠳᠦᠳᠬᠡᠯᠲᠡᠢ ᠬᠠᠨᠳᠤᠬᠤ;
44.2.7.ᠰᠤᠷᠤᠯᠴᠠᠭᠴᠢ ᠶᠢᠨ ᠡᠷᠡᠭᠦᠯ ᠮᠡᠨᠳᠦ᠂ ᠠᠶᠤᠯ ᠦᠭᠡᠢ ᠪᠠᠶᠢᠳᠠᠯ ᠳᠤ ᠠᠩᠬᠠᠷᠤᠯ ᠲᠠᠯᠪᠢᠬᠤ᠃
/ᠡᠨᠡ ᠬᠡᠰᠡᠭ ᠢ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠥᠭᠡᠷᠡᠴᠢᠯᠡᠨ ᠨᠠᠶᠢᠷᠠᠭᠤᠯᠤᠭᠰᠠᠨ/
44.2.8.ᠬᠥᠭᠵᠢᠯ ᠦᠨ ᠪᠡᠷᠬᠡᠰᠢᠶᠡᠯ ᠲᠡᠢ ᠰᠤᠷᠤᠯᠴᠠᠭᠴᠢ ᠶᠢᠨ ᠪᠡᠶ᠎ᠡ ᠡᠷᠬᠡᠲᠡᠨ᠂ ᠬᠥᠭᠵᠢᠯ ᠦᠨ ᠣᠨᠴᠠᠯᠢᠭ ᠢ ᠬᠦᠨᠳᠦᠳᠬᠡᠨ ᠦᠵᠡᠵᠦ᠂ ᠬᠥᠭᠵᠢᠯ ᠦᠨ ᠪᠡᠷᠬᠡᠰᠢᠶᠡᠯ ᠲᠡᠢ ᠰᠤᠷᠤᠯᠴᠠᠭᠴᠢ ᠪᠤᠰᠤᠳ ᠤᠨ ᠠᠳᠠᠯᠢ ᠲᠡᠭᠰᠢ ᠪᠠᠶᠢᠬᠤ ᠨᠥᠬᠥᠴᠡᠯ ᠢ ᠪᠦᠷᠢᠳᠦᠭᠦᠯᠬᠦ᠃
/ᠡᠨᠡ ᠵᠢᠭᠠᠯᠲᠠ ᠶᠢ 2016 ᠣᠨ ᠤ 2 ᠳ᠋ᠤᠭᠠᠷ ᠰᠠᠷ᠎ᠠ ᠶᠢᠨ 05 ᠍ ᠤ ᠡᠳᠦᠷ ᠦᠨ ᠬᠠᠤᠯᠢ ᠪᠠᠷ ᠨᠡᠮᠡᠭᠰᠡᠨ/
44.3.ᠪᠠᠭᠰᠢ ᠨᠢ ᠰᠤᠷᠤᠯᠴᠠᠭᠴᠢ ᠶᠢᠨ ᠪᠡᠶ᠎ᠡ ᠮᠠᠬᠠᠪᠣᠳᠢ ᠳᠤ ᠬᠠᠯᠠᠳᠠᠬᠤ᠂ ᠲᠡᠳᠡᠨ ᠳᠦ ᠰᠡᠳᠬᠢᠯ ᠰᠠᠨᠠᠭᠠᠨ ᠤ ᠳᠠᠷᠤᠮᠲᠠ ᠦᠵᠡᠭᠦᠯᠬᠦ᠂ ᠬᠤᠪ ᠤᠨ ᠨᠢᠭᠤᠴᠠ ᠶᠢ ᠨᠢ ᠵᠠᠳᠠᠷᠠᠭᠤᠯᠬᠤ ᠶᠢ ᠬᠣᠷᠢᠭᠯᠠᠨ᠎ᠠ᠃
/ᠡᠨᠡ ᠬᠡᠰᠡᠭ ᠢ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠨᠡᠮᠡᠭᠰᠡᠨ/
44.4.ᠪᠠᠭᠰᠢ ᠨᠢ ᠬᠠᠤᠯᠢ ᠳᠤ ᠵᠢᠭᠠᠭᠰᠠᠨ ᠡᠭᠦᠷᠭᠡ ᠪᠡᠨ ᠬᠡᠷᠡᠭᠵᠢᠭᠦᠯᠬᠦ ᠳᠦ ᠪᠡᠨ ᠪᠠᠭᠰᠢ ᠶᠢᠨ ᠶᠣᠰᠣ ᠵᠦᠢ ᠶᠢᠨ ᠳᠦᠷᠢᠮ ᠢ ᠪᠠᠷᠢᠮᠲᠠᠯᠠᠵᠤ ᠠᠵᠢᠯᠯᠠᠨ᠎ᠠ᠃
/ᠡᠨᠡ ᠬᠡᠰᠡᠭ ᠢ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠨᠡᠮᠡᠭᠰᠡᠨ/
ᠬᠡᠪᠯᠡᠬᠦ
45 ᠳ᠋ᠤᠭᠠᠷ ᠵᠦᠢᠯ᠃ ᠰᠤᠷᠤᠯᠴᠠᠭᠴᠢ ᠶᠢᠨ ᠡᠷᠬᠡ᠂ ᠡᠭᠦᠷᠭᠡ
45.1᠃ ᠰᠤᠷᠤᠯᠴᠠᠭᠴᠢ ᠳᠠᠷᠠᠭᠠᠬᠢ ᠡᠷᠬᠡ ᠲᠡᠢ᠄
45.1.1. ᠰᠤᠷᠤᠯᠴᠠᠬᠤ ᠨᠥᠬᠥᠴᠡᠯ ᠪᠣᠯᠤᠯᠴᠠᠭ᠎ᠠ ᠪᠠᠷ ᠬᠠᠩᠭᠠᠭᠤᠯᠬᠤ;
45.1.2. ᠰᠤᠷᠭᠠᠯᠲᠠ ᠶᠢᠨ ᠲᠥᠯᠦᠪᠯᠡᠭᠡᠨ ᠳᠦ ᠵᠠᠪᠠᠯ ᠰᠤᠳᠤᠯᠬᠤ ᠪᠠᠷ ᠲᠤᠰᠬᠠᠭ᠎ᠠ ᠦᠭᠡᠢ ᠬᠢᠴᠢᠶᠡᠯ ᠡᠴᠡ ᠰᠣᠩᠭᠣᠨ ᠰᠤᠳᠤᠯᠬᠤ;
45.1.ᠽ. ᠰᠤᠷᠭᠠᠭᠤᠯᠢ᠂ ᠪᠠᠭᠰᠢ ᠶᠢᠨ ᠦᠢᠯᠡ ᠠᠵᠢᠯᠯᠠᠭ᠎ᠠ ᠲᠠᠢ ᠬᠣᠯᠪᠣᠭᠳᠠᠬᠤ ᠠᠰᠠᠭᠤᠳᠠᠯ ᠢᠶᠠᠷ ᠰᠠᠨᠠᠯ ᠭᠠᠷᠭᠠᠬᠤ᠂ ᠰᠢᠭᠦᠮᠵᠢᠯᠡᠬᠦ᠂ ᠱᠠᠭᠠᠷᠳᠠᠯᠭ᠎ᠠ ᠲᠠᠯᠪᠢᠬᠤ;
45.1.4. ᠰᠤᠷᠤᠯᠴᠠᠬᠤ ᠬᠤᠭᠤᠴᠠᠭ᠎ᠠ᠂ ᠬᠡᠯᠪᠡᠷᠢ ᠶᠢᠨ ᠲᠠᠯ᠎ᠠ ᠪᠠᠷ ᠰᠠᠨᠠᠯ ᠲᠠᠯᠪᠢᠵᠤ ᠰᠢᠢᠳᠪᠦᠷᠢᠯᠡᠭᠦᠯᠬᠦ;
45.1.5. ᠬᠠᠤᠯᠢ ᠲᠣᠭᠲᠠᠭᠠᠮᠵᠢ ᠳᠤ ᠵᠢᠭᠠᠭᠰᠠᠨ ᠤ ᠳᠠᠭᠠᠤ ᠲᠤᠰᠠᠯᠠᠮᠵᠢ ᠠᠪᠬᠤ᠂ ᠬᠥᠩᠭᠡᠯᠡᠯᠲᠡ ᠡᠳᠯᠡᠬᠦ;
45.1.6. ᠭᠡᠷᠢᠶᠡᠨ ᠳᠦ ᠥᠭᠡᠷ᠎ᠡ ᠪᠡᠷ ᠵᠢᠭᠠᠭ᠎ᠠ ᠦᠭᠡᠢ ᠪᠣᠯ ᠰᠤᠷᠭᠠᠭᠤᠯᠢ ᠲᠡᠭᠦᠰᠦᠭᠴᠢ ᠡᠵᠡᠮᠰᠢᠭᠰᠡᠨ ᠪᠤᠶᠤ ᠰᠣᠨᠢᠷᠬᠠᠭᠰᠠᠨ ᠮᠡᠷᠭᠡᠵᠢᠯ ᠦᠨ ᠳᠠᠭᠠᠤ ᠡᠷᠬᠢᠯᠡᠬᠦ ᠠᠵᠢᠯ ᠢᠶᠠᠨ ᠬᠥᠳᠡᠯᠮᠦᠷᠢ ᠶᠢᠨ ᠵᠠᠬ᠎ᠠ ᠵᠡᠭᠡᠯᠢ ᠳᠡᠭᠡᠷ᠎ᠡ ᠴᠢᠯᠦᠭᠡᠲᠡᠢ ᠰᠤᠩᠭᠤᠬᠤ;
45.1.7.ᠰᠤᠷᠭᠠᠯᠲᠠ ᠶᠢᠨ ᠲᠥᠯᠥᠪᠦᠷᠢ᠂ ᠬᠠᠨᠳᠢᠪ ᠤᠨ ᠵᠠᠷᠤᠴᠠᠭᠤᠯᠤᠯᠲᠠ᠂ ᠠᠰᠢᠭᠯᠠᠯᠲᠠ ᠶᠢᠨ ᠲᠠᠯ᠎ᠠ ᠪᠠᠷ ᠮᠡᠳᠡᠭᠡᠯᠡᠯ ᠠᠪᠬᠤ᠂ ᠬᠢᠨᠠᠯᠲᠠ ᠲᠠᠯᠪᠢᠬᠤ;
45.1.8.ᠤᠯᠠᠮᠵᠢᠯᠠᠯᠲᠤ ᠰᠤᠶᠤᠯ᠂ ᠵᠠᠩ ᠵᠠᠩᠰᠢᠯ ᠢ ᠥᠪᠯᠡᠬᠦ᠂ ᠰᠤᠷᠭᠠᠭᠤᠯᠢ ᠶᠢᠨ ᠤᠷᠴᠢᠨ ᠳᠤ ᠲᠥᠷᠥᠯᠬᠢ ᠬᠡᠯᠡ ᠪᠡᠷ ᠢᠶᠡᠨ ᠬᠠᠷᠢᠯᠴᠠᠬᠤ᠃
/ᠡᠨᠡ ᠵᠢᠭᠠᠯᠲᠠ ᠶᠢ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠨᠡᠮᠡᠭᠰᠡᠨ/
45.2᠃ ᠰᠤᠷᠤᠯᠴᠠᠭᠴᠢ ᠳᠠᠷᠠᠭᠠᠬᠢ ᠡᠭᠦᠷᠭᠡ ᠲᠡᠢ᠄
45.2.1. ᠰᠤᠷᠭᠠᠯᠲᠠ ᠶᠢᠨ ᠬᠥᠲᠥᠯᠪᠦᠷᠢ ᠶᠢᠨ ᠠᠭᠤᠯᠭ᠎ᠠ ᠶᠢ ᠬᠤᠭᠤᠴᠠᠭᠠᠨ ᠳᠤ ᠨᠢ ᠪᠦᠷᠢᠨ ᠡᠵᠡᠮᠰᠢᠬᠦ;
45.2.2.ᠪᠠᠭᠰᠢ ᠠᠴᠠ ᠲᠠᠯᠪᠢᠭᠰᠠᠨ ᠱᠠᠭᠠᠷᠳᠠᠯᠭ᠎ᠠ᠂ ᠥᠭᠭᠦᠭᠰᠡᠨ ᠡᠭᠦᠷᠭᠡ᠂ ᠳᠠᠭᠠᠭᠠᠯᠭᠠᠪᠤᠷᠢ ᠶᠢ ᠪᠡᠶᠡᠯᠡᠭᠦᠯᠬᠦ;
45.2.3. ᠪᠡᠶ᠎ᠡ ᠳᠠᠭᠠᠭᠠᠵᠤ ᠰᠤᠷᠤᠯᠴᠠᠬᠤ ᠠᠷᠭ᠎ᠠ ᠪᠠᠷᠢᠯ ᠢ ᠡᠵᠡᠮᠰᠢᠬᠦ;
45.2.4. ᠪᠠᠭᠰᠢ᠂ ᠰᠢᠪ ᠦᠨ ᠬᠠᠷᠢᠯᠴᠠᠭ᠎ᠠ ᠶᠢ ᠬᠦᠨᠳᠦᠳᠬᠡᠨ ᠳᠡᠭᠡᠳᠦᠯᠡᠬᠦ;
45.2.5. ᠰᠤᠷᠭᠠᠭᠤᠯᠢ ᠶᠢᠨ ᠳᠣᠲᠣᠭᠠᠳᠤ ᠵᠢᠷᠤᠮ ᠢ ᠬᠦᠨᠳᠦᠳᠬᠡᠨ ᠰᠠᠬᠢᠬᠤ;
45.2.6. ᠰᠤᠷᠭᠠᠯᠲᠠ ᠶᠢᠨ ᠲᠥᠯᠥᠪᠦᠷᠢ ᠶᠢ ᠭᠡᠷ᠎ᠡ ᠶᠢᠨ ᠳᠠᠭᠠᠤ ᠬᠤᠭᠤᠴᠠᠭᠠᠨ ᠳᠤ ᠨᠢ ᠤᠯᠭᠤᠬᠤ᠃
ᠬᠡᠪᠯᠡᠬᠦ
46 ᠳ᠋ᠤᠭᠠᠷ ᠵᠦᠢᠯ᠃ ᠡᠴᠢᠭᠡ᠂ ᠡᠬᠡ᠂ ᠠᠰᠠᠷᠠᠨ ᠬᠠᠮᠠᠭᠠᠯᠠᠭᠴᠢ ᠶᠢᠨ ᠡᠷᠬᠡ᠂ ᠡᠭᠦᠷᠭᠡ
46.1᠃ ᠡᠴᠢᠭᠡ᠂ ᠡᠬᠡ᠂ ᠠᠰᠠᠷᠠᠨ ᠬᠠᠮᠠᠭᠠᠯᠠᠭᠴᠢ ᠳᠠᠷᠠᠭᠠᠬᠢ ᠡᠷᠬᠡ ᠲᠡᠢ᠄
46.1.1.ᠬᠡᠦᠬᠡᠳ ᠢᠶᠡᠨ ᠠᠯᠢ ᠰᠤᠷᠭᠠᠭᠤᠯᠢ ᠳᠤ᠂ ᠶᠠᠮᠠᠷ ᠬᠡᠯᠪᠡᠷᠢ ᠪᠡᠷ ᠰᠤᠷᠤᠯᠴᠠᠭᠤᠯᠬᠤ ᠶᠢ ᠵᠣᠬᠢᠬᠤ ᠵᠢᠷᠤᠮ ᠤᠨ ᠳᠠᠭᠠᠤ ᠰᠤᠩᠭᠤᠬᠤ;
46.1.2.ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ᠂ ᠪᠠᠭᠰᠢ ᠶᠢᠨ ᠦᠢᠯᠡ ᠠᠵᠢᠯᠯᠠᠭ᠎ᠠ ᠲᠠᠢ ᠬᠣᠯᠪᠣᠭᠳᠠᠭᠰᠠᠨ ᠰᠠᠨᠠᠯ᠂ ᠬᠦᠰᠡᠯᠲᠡ ᠭᠠᠷᠭᠠᠬᠤ;
46.1.ᠽ.ᠬᠡᠦᠬᠡᠳ ᠦᠨ ᠢᠶᠡᠨ ᠮᠡᠳᠡᠯᠭᠡ᠂ ᠴᠢᠳᠠᠪᠤᠷᠢ᠂ ᠠᠪᠢᠶᠠᠰ᠂ ᠪᠡᠶ᠎ᠡ᠂ ᠰᠡᠳᠬᠢᠴᠡ ᠶᠢᠨ ᠲᠠᠯ᠎ᠠ ᠪᠠᠷ ᠰᠤᠷᠭᠠᠭᠤᠯᠢ᠂ ᠪᠠᠭᠰᠢ ᠠᠴᠠ ᠭᠠᠷᠭᠠᠭᠰᠠᠨ ᠲᠣᠳᠣᠷᠬᠠᠶᠢᠯᠠᠯᠲᠠ ᠲᠠᠢ ᠲᠠᠨᠢᠯᠴᠠᠬᠤ᠃
46.2᠃ ᠡᠴᠢᠭᠡ᠂ ᠡᠬᠡ᠂ ᠠᠰᠠᠷᠠᠨ ᠬᠠᠮᠠᠭᠠᠯᠠᠭᠴᠢ ᠳᠠᠷᠠᠭᠠᠬᠢ ᠡᠭᠦᠷᠭᠡ ᠲᠡᠢ᠄
46.2.1.ᠬᠡᠦᠬᠡᠳ ᠦᠨ ᠠᠪᠢᠶᠠᠰ᠂ ᠴᠢᠳᠠᠪᠤᠷᠢ ᠶᠢ ᠪᠠᠭ᠎ᠠ ᠨᠠᠰᠤᠨ ᠠᠴᠠ ᠨᠢ ᠳᠡᠮᠵᠢᠨ ᠬᠥᠭᠵᠢᠭᠦᠯᠬᠦ᠂ ᠪᠣᠯᠪᠠᠰᠤᠷᠠᠯ ᠡᠵᠡᠮᠰᠢᠬᠦ ᠳᠦ ᠨᠢ ᠱᠠᠭᠠᠷᠳᠠᠭᠳᠠᠬᠤ ᠨᠥᠬᠥᠴᠡᠯ ᠢ ᠪᠦᠷᠢᠳᠦᠭᠦᠯᠬᠦ᠂ ᠪᠠᠭᠰᠢ ᠲᠠᠢ ᠬᠠᠮᠲᠤᠷᠠᠨ ᠠᠵᠢᠯᠯᠠᠬᠤ᠂ ᠮᠡᠷᠭᠡᠵᠢᠯ ᠢᠶᠡᠨ ᠰᠣᠩᠭᠣᠬᠤ ᠳᠤ ᠨᠢ ᠬᠡᠦᠬᠡᠳ ᠲᠦ ᠪᠡᠨ ᠲᠤᠰᠠᠯᠠᠬᠤ;
46.2.2.ᠰᠤᠷᠭᠠᠯᠲᠠ ᠶᠢᠨ ᠬᠡᠪ ᠦᠨ ᠦᠢᠯᠡ ᠠᠵᠢᠯᠯᠠᠭ᠎ᠠ ᠶᠢ ᠬᠠᠩᠭᠠᠬᠤ ᠲᠠᠢ ᠬᠣᠯᠪᠣᠭᠳᠠᠭᠤᠯᠤᠨ ᠰᠤᠷᠭᠠᠭᠤᠯᠢ᠂ ᠪᠠᠭᠰᠢ ᠠᠴᠠ ᠲᠠᠯᠪᠢᠭᠰᠠᠨ ᠱᠠᠭᠠᠷᠳᠠᠯᠭ᠎ᠠ ᠶᠢ ᠪᠡᠶᠡᠯᠡᠭᠦᠯᠬᠦ;
46.2.ᠽ.ᠬᠡᠦᠬᠡᠳ ᠲᠦ ᠪᠡᠨ 16 ᠬᠦᠷᠲᠡᠯ᠎ᠡ ᠨᠠᠰᠤᠨ ᠳᠤ ᠨᠢ ᠰᠠᠭᠤᠷᠢ ᠪᠣᠯᠪᠠᠰᠤᠷᠠᠯ ᠵᠠᠪᠠᠯ ᠡᠵᠡᠮᠰᠢᠭᠦᠯᠬᠦ᠂ ᠰᠤᠷᠤᠯᠴᠠᠬᠤ ᠬᠦᠰᠡᠯ᠂ ᠰᠣᠨᠢᠷᠬᠠᠯ ᠢ ᠨᠢ ᠬᠠᠭᠠᠵᠤ ᠪᠣᠭᠣᠭᠳᠠᠭᠤᠯᠬᠤ ᠦᠭᠡᠢ ᠪᠠᠶᠢᠬᠤ;
46.2.4. ᠬᠡᠦᠬᠡᠳ ᠢ ᠭᠡᠷ ᠪᠦᠯᠢ ᠶᠢᠨ ᠤᠷᠴᠢᠨ ᠳᠤ ᠰᠤᠷᠭᠠᠬᠤ ᠠᠷᠭ᠎ᠠ ᠪᠠᠷᠢᠯ ᠡᠵᠡᠮᠰᠢᠬᠦ᠃
46.2.5.ᠪᠣᠯᠪᠠᠰᠤᠷᠠᠯ ᠡᠵᠡᠮᠰᠢᠬᠦ ᠳᠦ ᠨᠢ ᠬᠡᠦᠬᠡᠳ ᠲᠦ ᠪᠡᠨ ᠪᠠᠶᠢᠩᠭᠤ ᠶᠢᠨ ᠳᠡᠮᠵᠢᠯᠭᠡ᠂ ᠲᠤᠰᠠᠯᠠᠯᠴᠠᠭ᠎ᠠ ᠦᠵᠡᠭᠦᠯᠬᠦ᠂ ᠤᠷᠮᠠᠰᠢᠭᠤᠯᠤᠨ ᠳᠡᠮᠵᠢᠬᠦ;
/ᠡᠨᠡ ᠵᠢᠭᠠᠯᠲᠠ ᠶᠢ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠨᠡᠮᠡᠭᠰᠡᠨ/
46.2.6.ᠬᠡᠦᠬᠡᠳ ᠦᠨ ᠢᠶᠡᠨ ᠰᠤᠷᠤᠯᠴᠠᠬᠤ᠂ ᠲᠥᠯᠥᠪᠰᠢᠬᠦ᠂ ᠠᠪᠢᠶᠠᠰ ᠢ ᠬᠥᠭᠵᠢᠭᠦᠯᠬᠦ ᠰᠤᠷᠭᠠᠯᠲᠠ᠂ ᠦᠢᠯᠡ ᠠᠵᠢᠯᠯᠠᠭᠠᠨ ᠤ ᠦᠢᠯᠡ ᠶᠠᠪᠤᠴᠠ᠂ ᠦᠷ᠎ᠡ ᠳᠦᠩ ᠲᠡᠢ ᠲᠠᠨᠢᠯᠴᠠᠬᠤ᠃
/ᠡᠨᠡ ᠵᠢᠭᠠᠯᠲᠠ ᠶᠢ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠨᠡᠮᠡᠭᠰᠡᠨ/
46.3.ᠬᠡᠦᠬᠡᠳ ᠦᠨ ᠢᠶᠡᠨ ᠰᠤᠷᠤᠯᠴᠠᠬᠤ᠂ ᠲᠥᠯᠥᠪᠰᠢᠬᠦ᠂ ᠠᠪᠢᠶᠠᠰ᠂ ᠴᠢᠳᠠᠪᠤᠷᠢ ᠶᠢ ᠬᠥᠭᠵᠢᠭᠦᠯᠬᠦ ᠠᠰᠠᠭᠤᠳᠠᠯ ᠢᠶᠠᠷ ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠲᠠᠢ ᠭᠡᠷ᠎ᠡ ᠪᠠᠶᠢᠭᠤᠯᠤᠨ ᠬᠠᠮᠲᠤᠷᠠᠨ ᠠᠵᠢᠯᠯᠠᠵᠤ ᠪᠣᠯᠤᠨ᠎ᠠ᠃
/ᠡᠨᠡ ᠬᠡᠰᠡᠭ ᠢ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠨᠡᠮᠡᠭᠰᠡᠨ/
ᠬᠡᠪᠯᠡᠬᠦ
47 ᠳ᠋ᠤᠭᠠᠷ ᠵᠦᠢᠯ᠃ ᠠᠵᠤ ᠠᠬᠤᠢ ᠶᠢᠨ ᠨᠢᠭᠡᠴᠡ᠂ ᠪᠠᠶᠢᠭᠤᠯᠤᠯᠭ᠎ᠠ ᠶᠢᠨ ᠡᠷᠬᠡ᠂ ᠡᠭᠦᠷᠭᠡ
47.1᠃ ᠠᠵᠤ ᠠᠬᠤᠢ ᠶᠢᠨ ᠨᠢᠭᠡᠴᠡ᠂ ᠪᠠᠶᠢᠭᠤᠯᠤᠯᠭ᠎ᠠ ᠳᠠᠷᠠᠭᠠᠬᠢ ᠡᠷᠬᠡ ᠲᠡᠢ᠄
47.1.1.ᠮᠡᠷᠭᠡᠵᠢᠯᠲᠡᠨ ᠪᠡᠯᠡᠳᠬᠡᠭᠦᠯᠬᠦ᠂ ᠠᠵᠢᠯᠯᠠᠭᠴᠢᠳ ᠤᠨ ᠮᠡᠷᠭᠡᠰᠢᠯ ᠢ ᠳᠡᠭᠡᠭᠰᠢᠯᠡᠭᠦᠯᠬᠦ ᠵᠠᠬᠢᠶᠠᠯᠠᠭ᠎ᠠ ᠶᠢ ᠬᠣᠯᠪᠣᠭᠳᠠᠬᠤ ᠪᠣᠯᠪᠠᠰᠤᠷᠠᠯ ᠤᠨ ᠰᠤᠷᠭᠠᠯᠲᠠ ᠶᠢᠨ ᠪᠠᠶᠢᠭᠤᠯᠤᠯᠭ᠎ᠠ ᠳᠤ ᠥᠭᠬᠦ᠂ ᠭᠡᠷ ᠢᠶᠡᠨ ᠪᠠᠶᠢᠭᠤᠯᠬᠤ;
47.1.2.ᠭᠡᠷ᠎ᠡ᠂ ᠵᠠᠬᠢᠶᠠᠯᠠᠭ᠎ᠠ ᠪᠠᠷ ᠰᠤᠷᠤᠯᠴᠠᠭᠴᠢ ᠶᠢᠨ ᠲᠠᠯ᠎ᠠ ᠪᠠᠷ ᠰᠠᠨᠠᠯ ᠭᠠᠷᠭᠠᠬᠤ᠂ ᠱᠠᠭᠠᠷᠳᠠᠯᠭ᠎ᠠ ᠲᠠᠯᠪᠢᠬᠤ;
47.1.3.ᠠᠵᠢᠯᠲᠠᠨ ᠳᠤ ᠪᠠᠨ ᠪᠣᠯᠪᠠᠰᠤᠷᠠᠯ ᠣᠯᠭᠣᠬᠤ᠂ ᠲᠡᠭᠦᠨ ᠦ ᠮᠡᠷᠭᠡᠰᠢᠯ ᠳᠡᠭᠡᠭᠰᠢᠯᠡᠭᠦᠯᠬᠦ ᠰᠤᠷᠭᠠᠯᠲᠠ ᠵᠣᠬᠢᠶᠠᠨ ᠪᠠᠶᠢᠭᠤᠯᠬᠤ;
47.1.4.ᠪᠣᠯᠪᠠᠰᠤᠷᠠᠯ ᠤᠨ ᠪᠠᠶᠢᠭᠤᠯᠤᠯᠭ᠎ᠠ ᠶᠢ ᠪᠡᠬᠢᠵᠢᠭᠦᠯᠬᠦ ᠳᠦ ᠳᠡᠮᠵᠢᠯᠭᠡ᠂ ᠲᠤᠰᠠᠯᠠᠯᠴᠠᠭ᠎ᠠ ᠦᠵᠡᠭᠦᠯᠬᠦ᠂ ᠢᠪᠡᠭᠡᠨ ᠲᠡᠳᠬᠦᠭᠰᠡᠨ ᠦ ᠲᠥᠯᠥᠭᠡ ᠬᠠᠤᠯᠢ ᠲᠣᠭᠲᠠᠭᠠᠮᠵᠢ ᠳᠤ ᠵᠢᠭᠠᠭᠰᠠᠨ ᠵᠣᠬᠢᠬᠤ ᠬᠥᠩᠭᠡᠯᠡᠯᠲᠡ ᠡᠳᠯᠡᠬᠦ᠃
47.2᠃ ᠠᠵᠤ ᠠᠬᠤᠢ ᠶᠢᠨ ᠨᠢᠭᠡᠴᠡ᠂ ᠪᠠᠶᠢᠭᠤᠯᠤᠯᠭ᠎ᠠ ᠳᠠᠷᠠᠭᠠᠬᠢ ᠡᠭᠦᠷᠭᠡ ᠲᠡᠢ᠄
47.2.1.ᠭᠡᠷ᠎ᠡ ᠶᠢᠨ ᠳᠠᠭᠠᠤ ᠰᠤᠷᠤᠯᠴᠠᠭᠴᠢ ᠶᠢ ᠬᠦᠯᠢᠶᠡᠨ ᠠᠪᠴᠤ ᠦᠢᠯᠡᠳᠪᠦᠷᠢᠯᠡᠯ ᠦᠨ ᠳᠠᠳᠤᠯᠭ᠎ᠠ ᠬᠢᠯᠭᠡᠬᠦ ᠨᠥᠬᠥᠴᠡᠯ᠂ ᠪᠣᠯᠤᠯᠴᠠᠭ᠎ᠠ ᠪᠠᠷ ᠬᠠᠩᠭᠠᠬᠤ;
47.2.2. ᠭᠡᠷ᠎ᠡ᠂ ᠵᠠᠬᠢᠶᠠᠯᠠᠭ᠎ᠠ ᠪᠠᠷ ᠰᠤᠷᠤᠯᠴᠠᠭᠴᠢ ᠶᠢᠨ ᠰᠤᠷᠭᠠᠯᠲᠠ ᠶᠢᠨ ᠵᠠᠷᠤᠳᠠᠯ ᠢ ᠤᠯᠭᠤᠬᠤ;
47.2.ᠽ.ᠠᠵᠢᠯᠲᠠᠨ ᠪᠡᠶ᠎ᠡ ᠳᠠᠭᠠᠭᠠᠵᠤ ᠰᠤᠷᠴᠤ ᠪᠣᠯᠪᠠᠰᠤᠷᠠᠬᠤ᠂ ᠬᠡᠦᠬᠡᠳ ᠢᠶᠡᠨ ᠰᠤᠷᠭᠠᠬᠤ ᠳᠤ ᠨᠢ ᠳᠡᠮᠵᠢᠯᠭᠡ᠂ ᠲᠤᠰᠠᠯᠠᠯᠴᠠᠭ᠎ᠠ ᠦᠵᠡᠭᠦᠯᠬᠦ᠃
ᠬᠡᠪᠯᠡᠬᠦ
ДОЛДУГААР БҮЛЭГ
ᠪᠤᠰᠤᠳ ᠵᠦᠢᠯ
48 ᠳ᠋ᠤᠭᠠᠷ ᠵᠦᠢᠯ᠃ ᠪᠣᠯᠪᠠᠰᠤᠷᠠᠯ ᠤᠨ ᠬᠠᠤᠯᠢ ᠲᠣᠭᠲᠠᠭᠠᠮᠵᠢ ᠵᠥᠷᠢᠴᠡᠭᠴᠢᠳ ᠬᠦᠯᠢᠶᠡᠯᠭᠡᠬᠦ ᠬᠠᠷᠢᠭᠤᠴᠠᠯᠭ᠎ᠠ
48.1.ᠰᠠᠭᠤᠷᠢ ᠪᠣᠯᠪᠠᠰᠤᠷᠠᠯ ᠣᠯᠭᠣᠬᠤ ᠠᠵᠢᠯ ᠢ ᠬᠠᠩᠭᠠᠯᠲᠠ ᠦᠭᠡᠢ ᠵᠣᠬᠢᠶᠠᠨ ᠪᠠᠶᠢᠭᠤᠯᠤᠭᠰᠠᠨ᠂ ᠵᠣᠬᠢᠬᠤ ᠠᠷᠭ᠎ᠠ ᠬᠡᠮᠵᠢᠶ᠎ᠡ ᠠᠪᠤᠭ᠎ᠠ ᠦᠭᠡᠢ ᠲᠥᠷᠥ ᠶᠢᠨ ᠵᠠᠬᠢᠷᠭᠠᠨ ᠤ ᠪᠣᠯᠤᠨ ᠪᠣᠯᠪᠠᠰᠤᠷᠠᠯ ᠤᠨ ᠪᠠᠶᠢᠭᠤᠯᠤᠯᠭ᠎ᠠ ᠶᠢᠨ ᠭᠡᠮ ᠪᠤᠷᠤᠭᠤ ᠲᠠᠢ ᠠᠯᠪᠠᠨ ᠲᠤᠰᠢᠶᠠᠯᠲᠠᠨ ᠳᠤ ᠬᠠᠤᠯᠢ ᠲᠣᠭᠲᠠᠭᠠᠮᠵᠢ ᠶᠢᠨ ᠳᠠᠭᠠᠤ ᠰᠠᠬᠢᠯᠭ᠎ᠠ ᠶᠢᠨ ᠬᠠᠷᠢᠭᠤᠴᠠᠯᠭ᠎ᠠ ᠬᠦᠯᠢᠶᠡᠯᠭᠡᠨ᠎ᠡ᠃
48.2᠃ ᠪᠣᠯᠪᠠᠰᠤᠷᠠᠯ ᠤᠨ ᠲᠤᠬᠠᠢ ᠬᠠᠤᠯᠢ ᠲᠣᠭᠲᠠᠭᠠᠮᠵᠢ ᠵᠥᠷᠢᠴᠡᠭᠴᠢᠳ ᠡᠷᠡᠭᠦᠦ ᠶᠢᠨ ᠬᠠᠷᠢᠭᠤᠴᠠᠯᠭ᠎ᠠ ᠬᠦᠯᠢᠶᠡᠯᠭᠡᠬᠦ ᠪᠡᠷ ᠦᠭᠡᠢ ᠪᠣᠯ ᠳᠠᠷᠠᠭᠠᠬᠢ ᠵᠠᠬᠢᠷᠭᠠᠨ ᠤ ᠰᠢᠳᠬᠡᠯ ᠨᠣᠭᠳᠠᠭᠤᠯᠤᠨ᠎ᠠ᠄
48.2.1.ᠡᠨᠡ ᠬᠠᠤᠯᠢ ᠶᠢᠨ 9 ᠳᠦᠭᠡᠷ ᠵᠦᠢᠯ ᠢ ᠵᠥᠷᠢᠴᠡᠵᠦ ᠪᠣᠯᠪᠠᠰᠤᠷᠠᠯ ᠤᠨ ᠪᠠᠷᠢᠮᠲᠠ ᠪᠢᠴᠢᠭ ᠢ ᠬᠠᠤᠯᠢ ᠪᠤᠰᠤ ᠪᠠᠷ ᠣᠯᠭᠤᠭᠰᠠᠨ᠂ ᠬᠠᠭᠤᠷᠮᠠᠴᠢ ᠪᠠᠷ ᠦᠢᠯᠡᠳᠦᠭᠰᠡᠨ᠂ ᠠᠰᠢᠭᠯᠠᠭᠰᠠᠨ ᠢᠷᠭᠡᠨ ᠢ ᠨᠢᠭᠡ ᠰᠠᠷ᠎ᠠ ᠶᠢᠨ ᠬᠥᠳᠡᠯᠮᠦᠷᠢ ᠶᠢᠨ ᠬᠥᠯᠦᠰᠦᠨ ᠦ ᠳ᠋ᠣᠣ ᠳᠤ ᠬᠡᠮᠵᠢᠶ᠎ᠡ ᠲᠡᠢ ᠲᠡᠩᠴᠡᠬᠦ ᠬᠡᠮᠵᠢᠶᠡᠨ ᠦ ᠲᠥᠭᠥᠷᠢᠭ ᠢᠶᠡᠷ᠂ ᠠᠯᠪᠠᠨ ᠲᠤᠰᠢᠶᠠᠯᠲᠠᠨ ᠢ ᠨᠢᠭᠡ ᠰᠠᠷ᠎ᠠ ᠶᠢᠨ ᠬᠥᠳᠡᠯᠮᠦᠷᠢ ᠶᠢᠨ ᠬᠥᠯᠦᠰᠦᠨ ᠦ ᠳ᠋ᠣᠣ ᠳᠤ ᠬᠡᠮᠵᠢᠶ᠎ᠡ ᠶᠢ ᠬᠣᠶᠠᠷ ᠳᠠᠬᠢᠨ ᠨᠡᠮᠡᠭᠳᠡᠭᠦᠯᠦᠭᠰᠡᠨ ᠲᠡᠢ ᠲᠡᠩᠴᠡᠬᠦ ᠬᠡᠮᠵᠢᠶᠡᠨ ᠦ ᠲᠥᠭᠥᠷᠢᠭ ᠢᠶᠡᠷ᠂ ᠠᠵᠤ ᠠᠬᠤᠢ ᠶᠢᠨ ᠨᠢᠭᠡᠴᠡ᠂ ᠪᠠᠶᠢᠭᠤᠯᠤᠯᠭ᠎ᠠ ᠶᠢ ᠨᠢᠭᠡ ᠰᠠᠷ᠎ᠠ ᠶᠢᠨ ᠬᠥᠳᠡᠯᠮᠦᠷᠢ ᠶᠢᠨ ᠬᠥᠯᠦᠰᠦᠨ ᠦ ᠳ᠋ᠣᠣ ᠳᠤ ᠬᠡᠮᠵᠢᠶ᠎ᠡ ᠶᠢ ᠭᠤᠷᠪᠠ ᠳᠠᠬᠢᠨ ᠨᠡᠮᠡᠭᠳᠡᠭᠦᠯᠦᠭᠰᠡᠨ ᠲᠡᠢ ᠲᠡᠩᠴᠡᠬᠦ ᠬᠡᠮᠵᠢᠶᠡᠨ ᠦ ᠲᠥᠭᠥᠷᠢᠭ ᠢᠶᠡᠷ ᠲᠤᠰ ᠲᠤᠰ ᠲᠣᠷᠭᠣᠵᠤ᠂ ᠬᠠᠭᠤᠷᠮᠠᠴᠢ ᠪᠠᠷᠢᠮᠲᠠ ᠪᠢᠴᠢᠭ ᠢ ᠬᠤᠷᠢᠶᠠᠬᠤ;
/ᠡᠨᠡ ᠵᠢᠭᠠᠯᠲᠠ ᠳᠤ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
/ᠡᠨᠡ ᠵᠢᠭᠠᠯᠲᠠ ᠳᠤ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠥᠭᠡᠷᠡᠴᠢᠯᠡᠨ ᠨᠠᠶᠢᠷᠠᠭᠤᠯᠤᠭᠰᠠᠨ/
48.2.2.ᠡᠨᠡ ᠬᠠᠤᠯᠢ ᠶᠢᠨ 47.2 ᠍ ᠳᠦ ᠵᠢᠭᠠᠭᠰᠠᠨ ᠡᠭᠦᠷᠭᠡ ᠶᠢ ᠪᠡᠶᠡᠯᠡᠭᠦᠯᠬᠦ ᠡᠴᠡ ᠵᠠᠶᠢᠯᠠᠰᠬᠢᠭᠰᠡᠨ ᠪᠣᠯ ᠨᠢᠭᠡ ᠰᠠᠷ᠎ᠠ ᠶᠢᠨ ᠬᠥᠳᠡᠯᠮᠦᠷᠢ ᠶᠢᠨ ᠬᠥᠯᠦᠰᠦᠨ ᠦ ᠳ᠋ᠣᠣ ᠳᠤ ᠬᠡᠮᠵᠢᠶ᠎ᠡ ᠶᠢ ᠬᠣᠶᠠᠷ ᠳᠠᠬᠢᠨ ᠨᠡᠮᠡᠭᠳᠡᠭᠦᠯᠦᠭᠰᠡᠨ ᠲᠡᠢ ᠲᠡᠩᠴᠡᠬᠦ ᠬᠡᠮᠵᠢᠶᠡᠨ ᠦ ᠲᠥᠭᠥᠷᠢᠭ ᠢᠶᠡᠷ ᠲᠣᠷᠭᠣᠬᠤ;
/ᠡᠨᠡ ᠵᠢᠭᠠᠯᠲᠠ ᠳᠤ 2006 ᠣᠨ ᠤ 12 ᠳ᠋ᠤᠭᠠᠷ ᠰᠠᠷ᠎ᠠ ᠶᠢᠨ 8 ᠍ ᠤ ᠡᠳᠦᠷ ᠦᠨ ᠬᠠᠤᠯᠢ ᠪᠠᠷ ᠥᠭᠡᠷᠡᠴᠢᠯᠡᠯᠲᠡ ᠣᠷᠣᠭᠤᠯᠤᠭᠰᠠᠨ/
/ᠡᠨᠡ ᠵᠢᠭᠠᠯᠲᠠ ᠳᠤ 2016 ᠣᠨ ᠤ 4 ᠳᠦᠭᠡᠷ ᠰᠠᠷ᠎ᠠ ᠶᠢᠨ 14 ᠍ ᠦ ᠡᠳᠦᠷ ᠦᠨ ᠬᠠᠤᠯᠢ ᠪᠠᠷ ᠥᠭᠡᠷᠡᠴᠢᠯᠡᠨ ᠨᠠᠶᠢᠷᠠᠭᠤᠯᠤᠭᠰᠠᠨ/
48.2.3.ᠠᠵᠢᠯ ᠡᠭᠦᠷᠭᠡ ᠪᠡᠨ ᠭᠦᠢᠴᠡᠳᠭᠡᠬᠦ ᠳᠦ ᠨᠢ ᠪᠠᠭᠰᠢ ᠳᠤ ᠰᠠᠨᠠᠭ᠎ᠠ ᠲᠠᠢ ᠪᠠᠷ ᠰᠠᠭᠠᠳ ᠤᠴᠠᠷᠠᠭᠤᠯᠤᠭᠰᠠᠨ᠂ ᠪᠠᠭᠰᠢ ᠶᠢᠨ ᠨᠡᠷ᠎ᠡ ᠬᠦᠨᠳᠦ ᠶᠢ ᠭᠤᠲᠤᠭᠠᠨ ᠳᠣᠷᠣᠮᠵᠢᠯᠠᠭᠰᠠᠨ ᠡᠲᠡᠭᠡᠳ ᠢ ᠨᠢᠭᠡ ᠰᠠᠷ᠎ᠠ ᠶᠢᠨ ᠬᠥᠳᠡᠯᠮᠦᠷᠢ ᠶᠢᠨ ᠬᠥᠯᠦᠰᠦᠨ ᠦ ᠳ᠋ᠣᠣ ᠳᠤ ᠬᠡᠮᠵᠢᠶ᠎ᠡ ᠶᠢ ᠲᠠᠪᠤ ᠳᠠᠬᠢᠨ ᠨᠡᠮᠡᠭᠳᠡᠭᠦᠯᠦᠭᠰᠡᠨ ᠲᠡᠢ ᠲᠡᠩᠴᠡᠬᠦ ᠬᠡᠮᠵᠢᠶᠡᠨ ᠦ ᠲᠥᠭᠥᠷᠢᠭ ᠢᠶᠡᠷ ᠲᠣᠷᠭᠣᠬᠤ;