ᠬᠠᠤᠯᠢ ᠲᠣᠭᠲᠠᠭᠠᠮᠵᠢ᠂ ᠲᠣᠭᠲᠠᠭᠠᠯ ᠰᠢᠢᠳᠪᠦᠷᠢ ᠶᠢᠨ ᠬᠡᠷᠡᠭᠵᠢᠯᠲᠡ᠂ ᠬᠡᠷᠡᠭᠵᠢᠯᠲᠡ ᠳᠦ ᠬᠢᠭᠰᠡᠨ ᠬᠢᠨᠠᠯᠲᠠ ᠰᠢᠨᠵᠢᠯᠡᠭᠡ᠂ ᠦᠨᠡᠯᠡᠭᠡ ᠬᠢᠭᠰᠡᠨ ᠲᠠᠨᠢᠯᠴᠠᠭᠤᠯᠭ᠎ᠠ ᠶᠢ ᠪᠠᠶᠢᠮᠠᠭ ᠤᠨ ᠵᠠᠰᠠᠭ ᠳᠠᠷᠤᠭ᠎ᠠ ᠶᠢᠨ ᠵᠥᠪᠯᠡᠯ ᠦᠨ 2018.06.27 ᠍ ᠤ ᠡᠳᠦᠷ ᠦᠨ 12 ᠬᠤᠷᠠᠯᠳᠤᠭᠠᠨ ᠢᠶᠠᠷ ᠬᠡᠯᠡᠯᠴᠡᠭᠦᠯᠵᠦ᠂ ᠭᠠᠷᠤᠭᠰᠠᠨ ᠰᠠᠨᠠᠯ ᠤᠨ ᠳᠠᠭᠠᠤ ᠲᠠᠶᠢᠯᠠᠩ ᠳᠤ ᠳᠠᠬᠢᠨ ᠰᠠᠶᠢᠵᠢᠷᠠᠭᠤᠯᠤᠯᠲᠠ ᠪᠣᠯᠪᠠᠰᠤᠷᠠᠭᠤᠯᠤᠯᠲᠠ ᠶᠢ ᠬᠢᠵᠦ᠂ ᠦᠨᠡᠯᠡᠬᠦ ᠳᠦ 68 ᠰᠢᠢᠳᠪᠦᠷᠢ ᠶᠢᠨ 105 ᠵᠢᠭᠠᠯᠲᠠ 76.40% ᠪᠤᠶᠤ 3.82 ᠣᠨᠣᠭ᠎ᠠ ᠪᠠᠷ ᠦᠨᠡᠯᠡᠭᠳᠡᠭᠰᠡᠨ᠃
ᠲᠠᠶᠢᠯᠠᠩ ᠢ ᠵᠠᠰᠠᠭ ᠤᠨ ᠭᠠᠵᠠᠷ ᠤᠨ ᠬᠢᠨᠠᠯᠲᠠ ᠰᠢᠨᠵᠢᠯᠡᠭᠡ ᠦᠨᠡᠯᠡᠭᠡᠨ ᠦ ᠮᠡᠳᠡᠭᠡᠯᠡᠯ ᠦᠨ ᠴᠠᠬᠢᠮ ᠰᠠᠩ ᠳᠤ ᠣᠷᠣᠭᠤᠯᠤᠨ᠂ ᠪᠠᠲᠤᠯᠠᠭᠠᠵᠢᠭᠤᠯᠤᠯᠲᠠ ᠶᠢ 2018.06.29 ᠍ ᠤ ᠡᠳᠦᠷ ᠬᠢᠵᠦ᠂ ᠵᠠᠰᠠᠭ ᠤᠨ ᠭᠠᠵᠠᠷ ᠤᠨ ᠬᠡᠷᠡᠭ ᠡᠷᠬᠢᠯᠡᠬᠦ ᠭᠠᠵᠠᠷ ᠤᠨ ХШҮДАГ ᠍ ᠳᠦ ᠠᠶᠢᠮᠠᠭ ᠤᠨ ᠵᠠᠰᠠᠭ ᠳᠠᠷᠤᠭ᠎ᠠ ᠶᠢᠨ 2018.06.28 ᠍ ᠤ 1-10/614 ᠠᠯᠪᠠᠨ ᠪᠢᠴᠢᠭ ᠢᠶᠡᠷ ᠬᠤᠭᠤᠴᠠᠭᠠᠨ ᠳᠤ ᠨᠢ ᠬᠦᠷᠭᠡᠭᠦᠯᠵᠦ ᠠᠵᠢᠯᠯᠠᠯ᠎ᠠ᠃