2019.02.25 ᠍ ᠤ ᠡᠳᠦᠷ ᠦᠨ ᠰᠢᠭᠤᠷᠬᠠᠢ ᠬᠤᠷᠠᠯ ᠤᠨ ᠪᠡᠶᠡᠯᠡᠯ ᠳᠦ

2019 ᠣᠨ ᠤ 03 ᠳ᠋ᠤᠭᠠᠷ ᠰᠠᠷ᠎ᠠ ᠶᠢᠨ 01                          № 05                       ᠳᠠᠷᠬᠠᠨ ᠠᠭᠤᠯᠠ ᠠᠶᠢᠮᠠᠭ

№ ᠥᠭᠭᠦᠭᠳᠡᠭᠰᠡᠨ ᠡᠭᠦᠷᠭᠡ ᠳᠠᠭᠠᠭᠠᠯᠭᠠᠪᠤᠷᠢ ᠬᠠᠷᠢᠭᠤᠴᠠᠬᠤ ᠡᠵᠡᠨ ᠬᠡᠷᠡᠭᠵᠢᠯᠲᠡ
1. 2019 ᠣᠨ ᠤ 02 ᠳ᠋ᠤᠭᠠᠷ ᠰᠠᠷ᠎ᠠ ᠶᠢᠨ 27 ᠍ ᠤ ᠡᠳᠦᠷ ᠵᠡᠭᠬᠡᠭ ᠤᠨ ᠮᠡᠳᠡᠭᠡᠯᠡᠯ ᠦᠨ ᠠᠯᠪᠠᠨ ᠤ ᠬᠢᠨ ᠲᠠᠢ ᠠᠭᠤᠯᠵᠠᠯᠲᠠ ᠶᠢ ᠬᠢᠬᠦ ᠮᠲᠠ ᠵᠡᠭᠬᠡᠭ ᠶᠢᠨ ᠲᠡᠷᠢᠭᠦᠨ ᠳᠡᠳ᠋ ᠳᠠᠷᠤᠭ᠎ᠠ ᠶᠢᠨ ᠲᠤᠰᠢᠶᠠᠯ ᠢᠶᠠᠷ ᠳ᠋ᠢᠵᠢᠲᠠᠯ᠎ᠠ ᠰᠢᠯᠵᠢᠯᠲᠡ ᠶᠢ ᠬᠡᠷᠡᠭᠵᠢᠭᠦᠯᠬᠦ ᠠᠵᠢᠯ ᠤᠨ ᠬᠡᠰᠡᠭ ᠪᠠᠶᠢᠭᠤᠯᠤᠭᠳᠠᠭᠰᠠᠨ᠃ ᠲᠤᠰ ᠠᠵᠢᠯ ᠤᠨ ᠬᠡᠰᠡᠭ 2019 ᠣᠨ ᠤ 02 ᠳ᠋ᠤᠭᠠᠷ ᠰᠠᠷ᠎ᠠ ᠶᠢᠨ 27᠂ 28 ᠍ ᠤ ᠡᠳᠦᠷ ᠦᠳ ᠲᠦ ᠠᠶᠢᠮᠠᠭ ᠤᠨ ᠤᠳᠤᠷᠢᠳᠤᠯᠭ᠎ᠠ ᠨᠤᠭᠤᠳ ᠪᠣᠯᠤᠨ ᠠᠯᠪᠠᠨ ᠬᠠᠭᠠᠭᠴᠢᠳ ᠲᠤ ᠮᠡᠳᠡᠭᠡᠯᠡᠯ ᠥᠭᠴᠦ ᠠᠵᠢᠯᠯᠠᠭᠰᠠᠨ᠃
2. 2 ᠤᠳᠠᠭ᠎ᠠ ᠶᠢᠨ ᠶᠠᠷᠢᠯᠴᠠᠯᠭᠠᠨ ᠳᠤ ᠤᠷᠤᠬᠤ ᠲᠤᠯᠠ ᠣᠷᠣᠨ ᠨᠤᠲᠤᠭ ᠤᠨ ᠪᠦᠲᠦᠭᠡᠨ ᠪᠠᠶᠢᠭᠤᠯᠤᠯᠲᠠ ᠲᠠᠢ ᠬᠣᠯᠪᠣᠭ᠎ᠠ ᠲᠠᠢ ᠠᠰᠠᠭᠤᠯᠲᠠ ᠨᠤᠭᠤᠳ ᠢᠶᠠᠨ ᠨᠢᠭᠡᠳᠬᠡᠨ ᠲᠣᠶᠢᠮᠣᠯᠠᠭᠠᠳ ᠲᠣᠮᠣᠬᠠᠨ ᠠᠰᠠᠭᠤᠯᠲᠠ ᠨᠤᠭᠤᠳ ᠪᠡᠯᠡᠳᠬᠦ᠂ ᠵᠢᠷᠤᠭᠯᠠᠯ ᠡᠪᠯᠡᠭᠦᠯᠭᠡ ᠨᠦᠭᠦᠳ ᠬᠢᠬᠦ ᠰᠢᠭᠤᠷᠬᠠᠢ ᠬᠤᠷᠠᠯ ᠠᠴᠠ ᠥᠭᠭᠦᠭᠰᠡᠨ ᠡᠭᠦᠷᠭᠡ ᠳᠠᠭᠠᠭᠠᠯᠭᠠᠪᠤᠷᠢ ᠶᠢᠨ ᠳᠠᠭᠠᠤ ᠠᠶᠢᠮᠠᠭ ᠤᠨ ᠵᠠᠰᠠᠭ ᠳᠠᠷᠤᠭ᠎ᠠ ᠰ.ᠨᠠᠰᠤᠨᠪᠠᠲ 2019 ᠣᠨ ᠤ 02 ᠳ᠋ᠤᠭᠠᠷ ᠰᠠᠷ᠎ᠠ ᠶᠢᠨ 27 ᠍ ᠤ ᠡᠳᠦᠷ ᠣᠷᠣᠨ ᠨᠤᠲᠤᠭ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠶᠠᠷᠢᠯᠴᠠᠯᠭ᠎ᠠ ᠨᠡᠪᠲᠡᠷᠡᠭᠦᠯᠭᠡ ᠳᠦ ᠣᠷᠣᠵᠤ᠂ ᠶᠠᠷᠢᠯᠴᠠᠯᠭ᠎ᠠ ᠶᠢᠨ ᠡᠪᠯᠡᠭᠦᠯᠭᠡ ᠬᠢᠭᠳᠡᠵᠦ ᠪᠠᠶᠢᠭ᠎ᠠ ᠪᠣᠯᠤᠨ᠎ᠠ᠃
3. ᠭᠡᠷᠡᠯᠲᠦᠭᠦᠯᠭᠡ ᠲᠣᠬᠢᠵᠢᠯᠲᠠ ᠶᠢᠨ ᠠᠵᠢᠯ ᠳᠤ ᠲᠣᠮᠣᠬᠠᠨ ᠠᠩᠪ ᠲᠠᠢ ᠬᠠᠮᠲᠤᠷᠠᠵᠤ ᠠᠵᠢᠯᠯᠠᠬᠤ᠂ ᠢᠳᠡᠪᠬᠢ ᠲᠡᠢ ᠤᠷᠤᠯᠴᠠᠬᠤ ᠵᠠ ᠭᠡᠷᠡᠯᠲᠦᠭᠦᠯᠭᠡ ᠲᠣᠬᠢᠵᠢᠯᠲᠠ ᠶᠢᠨ ᠠᠵᠢᠯ ᠲᠠᠢ ᠬᠣᠯᠪᠣᠭᠳᠠᠭᠤᠯᠤᠨ ᠠᠩᠪ ᠲᠠᠢ ᠠᠭᠤᠯᠵᠠᠯᠲᠠ ᠶᠢ ᠬᠢᠨᠡᠷᠴᠢᠮ ᠬᠦᠴᠦᠨ ᠦ ᠭᠤᠳᠤᠮᠵᠢᠨ ᠤ ᠭᠡᠷᠡᠯᠲᠦᠭᠦᠯᠭᠡ ᠶᠢ ᠬᠢᠬᠦ ᠪᠡᠷ ᠪᠣᠯᠤᠭᠰᠠᠨ᠃
4. ᠬᠣᠭᠠᠨ ᠤ ᠦᠢᠯᠡᠳᠪᠦᠷᠢ ᠶᠢᠨ ᠲᠠᠯᠠᠭᠠᠷᠬᠢ ᠮᠡᠳᠡᠭᠡᠯᠡᠯ ᠢ ᠷᠠᠪᠵᠠᠳᠡᠯᠭᠡᠷᠡᠬᠦ ᠳᠠᠷᠤᠭ᠎ᠠ ᠨᠢᠭᠡ ᠪᠥᠷᠢᠴᠢᠯᠡᠨ ᠲᠠᠨᠢᠯᠴᠠᠭᠤᠯᠵᠤ ᠪᠠᠶᠢᠬᠤ ᠬᠣᠭᠠᠨ ᠤ ᠦᠢᠯᠡᠳᠪᠦᠷᠢ ᠶᠢᠨ ᠲᠠᠯᠠᠭᠠᠷᠬᠢ ᠮᠡᠳᠡᠭᠡᠯᠡᠯ ᠢ ᠵᠠᠰᠠᠭ ᠳᠠᠷᠤᠭ᠎ᠠ ᠳᠤ ᠥᠭᠭᠦᠭᠰᠡᠨ᠃
5. ᠵᠡᠳᠲᠡᠭ ᠤᠨ ᠪᠠᠶᠢᠷᠢᠨ ᠤ ᠠᠰᠢᠭᠯᠠᠯᠲᠠ ᠬᠠᠮᠠᠭᠠᠯᠠᠯᠲᠠ᠂ ᠴᠡᠪᠡᠷᠯᠡᠭᠡ ᠦᠢᠯᠡᠴᠢᠯᠡᠭᠡ ᠶᠢ ᠰᠠᠶᠢᠵᠢᠷᠠᠭᠤᠯᠬᠤ ᠨᠢᠠ ᠪᠠᠶᠢᠷᠢᠨ ᠤ ᠠᠰᠢᠭᠯᠠᠯᠲᠠ ᠬᠠᠮᠠᠭᠠᠯᠠᠯᠲᠠ ᠶᠢᠨ ᠲᠠᠯ᠎ᠠ ᠳᠡᠭᠡᠷ᠎ᠡ ᠴᠢᠨᠠᠭᠰᠢᠳᠠ ᠠᠩᠬᠠᠷᠴᠤ ᠠᠵᠢᠯᠯᠠᠬᠤ ᠪᠣᠯᠤᠨ᠎ᠠ᠃

ᠬᠢᠨᠠᠭᠰᠠᠨ᠄ ᠲᠥᠷᠥ ᠶᠢᠨ ᠵᠠᠬᠢᠷᠭᠠᠨ ᠤ ᠤᠳᠤᠷᠢᠳᠤᠯᠭ᠎ᠠ ᠶᠢᠨ ᠬᠡᠯᠲᠡᠰ ᠦᠨ ᠳᠠᠷᠤᠭ᠎ᠠ ᠫ.ᠪᠠᠶᠠᠷᠰᠠᠶᠢᠬᠠᠨ

ᠨᠢᠭᠡᠳᠬᠡᠭᠰᠡᠨ᠄ ᠲᠥᠷᠥ ᠶᠢᠨ ᠵᠠᠬᠢᠷᠭᠠᠨ ᠤ ᠤᠳᠤᠷᠢᠳᠤᠯᠭ᠎ᠠ ᠶᠢᠨ ᠬᠡᠯᠲᠡᠰ ᠦᠨ ᠮᠡᠷᠭᠡᠵᠢᠯᠲᠡᠨ ᠶᠠ.ᠭᠡᠷᠡᠯᠰᠦ᠋ᠬᠡ